ᠲᠦᠷᠦᠭᠦᠬᠡᠨ᠂ ᠭᠦᠭᠡᠬᠤᠳᠠ ᠶᠢᠨ 8 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 2025 ᠣᠨ ᠤ ︽ᠰᠣᠳᠣᠨ ᠴᠢᠳᠠᠪᠤᠷᠢᠲᠠᠨ ᠬᠥᠮᠥᠵᠢᠭᠦᠯᠬᠦ | ᠲᠥᠯᠥᠪᠯᠡᠭᠡ︾ ᠶᠢᠨ ︽1+3︾ ᠭᠡᠯᠪᠡᠷᠢ ᠪᠠᠷ ᠰᠤᠷᠤᠬᠴᠢ ᠡᠯᠰᠡᠨ ᠬᠥᠮᠥᠵᠢᠭᠦᠯᠬᠦ ᠲᠥᠰᠥᠯ ᠢ ᠨᠡᠶᠢᠲᠡᠯᠡᠵᠦ᠂ ᠰᠤᠷᠤᠬᠴᠢ ᠡᠯᠰᠡᠬᠦ ᠲᠤᠭ᠎ᠠ᠂ ᠨᠡᠷ᠎ᠡ ᠮᠡᠳᠡᠭᠦᠯᠬᠦ | ᠨᠥᠬᠦᠴᠡᠯ᠂ ᠰᠤᠷᠤᠬᠴᠢ ᠡᠯᠰᠡᠬᠦ ᠰᠢᠯᠭᠠᠯᠲᠠ ᠶᠢᠨ ᠠᠷᠭ᠎ᠠ ᠭᠡᠯᠪᠡᠷᠢ ᠵᠢᠴᠢ ᠰᠤᠷᠤᠬᠴᠢ ᠬᠥᠮᠥᠵᠢᠭᠦᠯᠬᠦ ᠴᠢᠭᠯᠡᠯ ᠤᠨ ᠲᠤᠬᠠᠢ ᠨᠠᠷᠢᠨ ᠲᠠᠨᠢᠯᠴᠠᠭᠤᠯᠪᠠ᠃ ᠤᠳᠤ | ᠰᠤᠷᠤᠬᠴᠢ ᠡᠯᠰᠡᠬᠦ ᠠᠵᠢᠯ ᠶᠠᠪᠤᠭᠳᠠᠵᠤ ᠪᠤᠢ᠃ | 2025 ᠣᠨ ᠤ ︽ᠰᠣᠳᠣᠨ ᠴᠢᠳᠠᠪᠤᠷᠢᠲᠠᠨ ᠬᠥᠮᠥᠵᠢᠭᠦᠯᠬᠦ ᠲᠥᠯᠥᠪᠯᠡᠭᠡ︾ ᠶᠢᠨ︽1+3︾ ᠭᠡᠯᠪᠡᠷᠢ ᠪᠠᠷ ᠰᠤᠷᠤᠬᠴᠢ ᠬᠥᠮᠥᠵᠢᠭᠦᠯᠬᠦ ᠲᠦᠷᠦᠯ ᠵᠦᠢᠯ | ᠪᠣᠯ ᠭᠦᠭᠡᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠢᠭᠡᠳᠦᠯᠲᠡᠢ ᠲᠣᠬᠢᠷᠠᠭᠤᠯᠭ᠎ᠠ ᠪᠠᠷ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ | ᠨᠡᠶᠢᠳᠬᠡᠵᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠣᠳᠣᠨ ᠴᠢᠳᠠᠪᠤᠷᠢᠲᠠᠨ ᠢ | ᠬᠥᠮᠥᠵᠢᠭᠦᠯᠬᠦ ᠰᠢᠨ᠎ᠡ ᠰᠦᠪᠡᠭᠴᠢᠯᠡᠯ ᠪᠣᠯᠣᠨ᠎ᠠ᠃ ᠣᠶᠢᠯᠠᠭᠠᠭᠰᠠᠨ ᠢᠶᠠᠷ᠂ ᠡᠨᠡ ᠵᠢᠯ ᠭᠦᠭᠡᠬᠤᠳᠠ ᠶᠢᠨ 8 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | 2025 ᠣᠨ ᠤ ︽ᠰᠣᠳᠣᠨ ᠴᠢᠳᠠᠪᠤᠷᠢᠲᠠᠨ ᠬᠥᠮᠥᠵᠢᠭᠦᠯᠬᠦ ᠲᠥᠯᠥᠪᠯᠡᠭᠡ︾ ᠶᠢᠨ ︽1+3︾ ᠭᠡᠯᠪᠡᠷᠢ ᠪᠠᠷ ᠬᠥᠮᠥᠵᠢᠭᠦᠯᠬᠦ ᠲᠤᠷᠰᠢᠯᠲᠠ ᠶᠢᠨ ᠠᠩᠭᠢ ᠶᠢᠨ | ᠰᠤᠷᠤᠬᠴᠢ ᠡᠯᠰᠡᠬᠦ ᠪᠠᠷ ᠪᠣᠯᠤᠭᠰᠠᠨ ᠪᠠᠶᠢᠨ᠎ᠠ᠃ ᠡᠭᠦᠨ ᠳᠤ ᠡᠯ᠎ᠡ ᠰᠤᠷᠭᠠᠭᠤᠯᠢ ᠨᠤᠭᠤᠳ ᠨᠢ ᠰᠤᠷᠭᠠᠭᠤᠯᠢ ᠶᠢᠨ ᠢᠶᠠᠨ ᠣᠨᠴᠠᠯᠢᠭ ᠢ ᠦᠨᠳᠦᠰᠦᠯᠡᠵᠦ | ᠰᠤᠷᠤᠬᠴᠢ ᠬᠥᠮᠥᠵᠢᠭᠦᠯᠬᠦ ᠨᠠᠷᠢᠨ ᠲᠥᠰᠥᠯ ᠢᠶᠠᠨ ᠲᠣᠭᠲᠠᠭᠠᠪᠠ᠃ | ᠡᠯ᠎ᠡ ᠰᠤᠷᠭᠠᠭᠤᠯᠢ ᠶᠢᠨ ᠰᠤᠷᠤᠬᠴᠢ ᠡᠯᠰᠡᠬᠦ ᠳᠦᠷᠢᠮ ᠤᠨ ᠲᠤᠬᠠᠢ ᠲᠠᠨᠢᠯᠴᠠᠭᠤᠯᠭ᠎ᠠ ᠶᠢ ᠦᠨᠳᠦᠰᠦᠯᠡᠪᠡᠯ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠰᠢᠨ᠎ᠡ ᠴᠠᠭ ᠦᠶ᠎ᠡ ᠶᠢᠨ ᠲᠤᠭ᠎ᠠ ᠹᠢᠽᠢᠺ ᠪᠠ ᠰᠣᠶᠣᠯ ᠢᠷᠭᠡᠨᠰᠢᠯ ᠤᠨ ᠲᠠᠯ᠎ᠠ ᠪᠠᠷ ᠣᠨᠴᠠ | ᠠᠪᠢᠶᠠᠰᠯᠢᠭ 50 ᠰᠤᠷᠤᠬᠴᠢ ᠶᠢ ᠡᠯᠰᠡᠨ ᠬᠥᠮᠥᠵᠢᠭᠦᠯᠦᠨ᠎ᠡ᠃ ᠬᠢᠴᠢᠶᠡᠯ ᠤᠨ ᠰᠢᠰᠲ᠋ᠧᠮ ᠤᠨ ᠬᠤᠪᠢ ᠳᠤ ᠠᠩᠬ᠎ᠠ ᠳᠤᠮᠳᠠᠳᠤ ᠪᠠ ᠥᠨᠳᠥᠷ ᠳᠤᠮᠳᠠᠳᠤ ᠶᠢ | ᠵᠣᠯᠭᠠᠭᠤᠯᠬᠤ ᠬᠢᠴᠢᠶᠡᠯ᠂ ᠥᠨᠳᠥᠷ ᠳᠤᠮᠳᠠᠳᠤ ᠵᠢᠴᠢ ᠶᠡᠭᠡ ᠰᠤᠷᠭᠠᠭᠤᠯᠢ ᠶᠢᠨ ᠤᠷᠢᠳ ᠢᠶᠠᠷ ᠰᠤᠷᠬᠤ ᠬᠢᠴᠢᠶᠡᠯ᠂ ᠲᠥᠷᠥᠯ ᠵᠦᠢᠯ ᠤᠨ ᠮᠠᠶ᠋ᠢᠭ ᠤᠨ | ᠰᠤᠷᠤᠯᠴᠠᠯᠭ᠎ᠠ᠂ ᠬᠤᠣᠰ ᠪᠠᠭᠰᠢ ᠶᠢᠨ ᠳᠦᠷᠢᠮ ᠵᠡᠷᠭᠡ ᠪᠠᠷ ᠳᠠᠮᠵᠢᠭᠤᠯᠤᠨ ᠠᠩᠬ᠎ᠠ ᠳᠤᠮᠳᠠᠳᠤ ᠪᠠ ᠥᠨᠳᠥᠷ ᠳᠤᠮᠳᠠᠳᠤ ᠶᠢ ᠨᠡᠪᠲᠡᠷᠡᠭᠦᠯᠦᠨ ᠬᠥᠮᠥᠵᠢᠭᠦᠯᠦᠨ᠎ᠡ᠃ | ᠡᠭᠦᠨ ᠠᠴᠠ ᠭᠠᠳᠠᠨ᠎ᠠ᠂ ᠭᠦᠭᠡᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠲᠣᠭᠠᠨ ᠤ ᠲᠦᠷᠦᠯ ᠪᠠ ᠮᠡᠳᠡᠭᠡ ᠵᠠᠩᠭᠢ ᠶᠢᠨ ᠲᠦᠷᠦᠯ ᠢᠶᠠᠷ 90 | ᠰᠤᠷᠤᠬᠴᠢ ᠡᠯᠰᠡᠨ᠎ᠡ᠃ ᠭᠦᠭᠡᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ 30 ᠰᠤᠷᠤᠬᠴᠢ ᠡᠯᠰᠡᠨ᠎ᠡ᠃ ᠭᠦᠭᠡᠬᠤᠳᠠ ᠶᠢᠨ ᠠᠷᠪᠠᠨ ᠳᠥᠷᠪᠡᠳᠦᠭᠡᠷ | ᠳᠤᠮᠳᠠᠳᠤ ᠰᠤᠷᠭᠠᠭᠤᠯᠢ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠪᠠ ᠪᠠᠭ᠎ᠠ ᠬᠡᠯᠡᠨ ᠤ ᠲᠦᠷᠦᠯ ᠤᠨ ᠴᠢᠭᠯᠡᠯ ᠢᠶᠠᠷ 30 ᠰᠤᠷᠤᠬᠴᠢ ᠡᠯᠰᠡᠨ᠎ᠡ᠃ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ 30 ᠰᠤᠷᠤᠬᠴᠢ ᠡᠯᠰᠡᠨ᠎ᠡ᠃ ᠲᠥᠪ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠭᠦᠭᠡᠬᠤᠳᠠ ᠳᠠᠬᠢ ᠬᠤᠪᠢᠶᠠᠷᠢ ᠰᠤᠷᠭᠠᠭᠤᠯᠢ ᠲᠤᠭ᠎ᠠ ᠬᠢᠮᠢ ᠹᠢᠽᠢᠺ | ᠠᠮᠢᠳᠤ ᠪᠣᠳᠠᠰ ᠺᠤᠮᠫᠢᠦ᠋ᠲ᠋ᠧᠷ ᠲᠤ ᠠᠪᠢᠶᠠᠰᠯᠢᠭ 30 ᠰᠤᠷᠤᠬᠴᠢ ᠡᠯᠰᠡᠨ᠎ᠡ᠃ ᠭᠦᠭᠡᠬᠤᠳᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠰᠢᠨᠵᠢᠯᠡᠬᠦ | ᠤᠬᠠᠭᠠᠨ ᠤ ᠬᠥᠮᠦᠵᠢᠯ ᠤᠨ ᠲᠠᠯ᠎ᠠ ᠪᠠᠷ ᠠᠪᠢᠶᠠᠰᠯᠢᠭ 30 ᠰᠤᠷᠤᠬᠴᠢ ᠡᠯᠰᠡᠨ᠎ᠡ᠃ ᠪᠡᠭᠡᠵᠢᠩ ᠤᠨ 101 ᠳᠤᠮᠳᠠᠳᠤ ᠰᠤᠷᠭᠠᠭᠤᠯᠢ ᠶᠢᠨ ᠭᠦᠭᠡᠬᠤᠳᠠ ᠳᠠᠬᠢ | ᠬᠤᠪᠢᠶᠠᠷᠢ ᠰᠤᠷᠭᠠᠭᠤᠯᠢ ᠲᠤᠭ᠎ᠠ + ᠵᠣᠬᠢᠶᠠᠮᠠᠯ ᠤᠶᠤᠨ ᠴᠢᠳᠠᠪᠤᠷᠢ ᠶᠢᠨ ᠴᠢᠭᠯᠡᠯ ᠢᠶᠠᠷ 60 ᠰᠤᠷᠤᠬᠴᠢ ᠡᠯᠰᠡᠨ᠎ᠡ᠃ | |