ᠭᠦᠭᠡᠬᠤᠲᠠ ︽ᠤᠷᠢᠬᠠᠨ ᠰᠠᠯᠬᠢ ᠠᠵᠢᠯᠯᠠᠭ᠎ᠠ︾ ᠪᠠᠷ 10.36 ᠲᠦᠮᠡᠨ ᠠᠵᠢᠯ ᠤᠨ ᠪᠠᠶᠢᠷᠢ ᠬᠠᠩᠭᠠᠵᠠᠢ
ᠨᠡᠶᠢᠲᠡᠯᠡᠭᠰᠡᠨ ᠴᠠᠭ᠄
2025/4/14
      ᠲᠦᠷᠦᠭᠦᠬᠡᠨ᠂ ᠰᠤᠷᠪᠤᠯᠵᠢᠯᠠᠬᠴᠢ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2025 ᠣᠨ ᠤ ᠭᠦᠭᠡᠬᠤᠲᠠ ᠶᠢᠨ ︽ᠤᠷᠢᠬᠠᠨ ᠰᠠᠯᠬᠢ ᠠᠵᠢᠯᠯᠠᠭ᠎ᠠ︾10.36 ᠲᠦᠮᠡᠨ ᠠᠵᠢᠯ ᠤᠨ ᠪᠠᠶᠢᠷᠢ ᠬᠠᠩᠭᠠᠪᠠ᠃      ᠲᠠᠨᠢᠯᠴᠠᠭᠤᠯᠭ᠎ᠠ ᠶᠢ ᠦᠨᠳᠦᠰᠦᠯᠡᠪᠡᠯ᠂ ᠡᠨᠡ ᠵᠢᠯ ᠤᠨ 1- 3 ᠰᠠᠷ᠎ᠠ ᠶᠢᠨ ᠡᠴᠦᠰ ᠪᠤᠯᠲᠠᠯ᠎ᠠ᠂ ᠭᠦᠭᠡᠬᠤᠲᠠ ᠪᠦᠭᠦ ᠬᠤᠲᠠ ᠶᠢᠨ ᠬᠡᠪᠴᠢᠶᠡᠨ ᠳᠤ ︽ᠤᠷᠢᠬᠠᠨ ᠰᠠᠯᠬᠢ ᠠᠵᠢᠯᠯᠠᠭ᠎ᠠ ᠪᠠᠷ ᠠᠵᠢᠯ ᠤᠨ ᠪᠠᠶᠢᠷᠢ ᠬᠦᠷᠭᠡᠵᠦ ᠨᠠᠷᠢᠯᠢᠭ ᠣᠨᠣᠴᠠᠲᠠᠢ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠬᠤ︾ ᠪᠠᠷ ᠭᠤᠣᠯ ᠰᠡᠳᠦᠪ ᠪᠤᠯᠭᠠᠬᠰᠠᠨ ︽ᠤᠷᠢᠬᠠᠨ ᠰᠠᠯᠬᠢ ᠠᠵᠢᠯᠯᠠᠭ᠎ᠠ︾ ᠶᠢᠨ ᠲᠤᠰᠬᠠᠢ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠭᠤᠣᠯᠳᠠᠯᠭ᠎ᠠ ᠲᠠᠢ ᠬᠥᠮᠥᠰ  ᠲᠤ︽ᠠᠵᠢᠯ ᠣᠯᠭᠤᠯᠲᠠ ᠶᠢᠨ ᠦᠢᠯᠡᠴᠢᠯᠡᠭᠡᠨ ᠤ ᠪᠡᠯᠡᠭ︾ ᠬᠦᠷᠭᠡᠬᠦ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ᠂ ᠰᠤᠷᠤᠬᠴᠢᠳ ᠢ ᠪᠣᠯᠪᠠᠰᠤᠷᠠᠯ ᠳᠤ ᠣᠷᠣᠯᠴᠠᠭᠤᠯᠵᠤ᠂ ᠡᠯᠰᠡᠬᠦ ᠪᠠ ᠵᠣᠯᠭᠠᠭᠤᠯᠬᠤ ᠬᠤᠣᠰ ᠴᠢᠭᠯᠡᠯ ᠢᠶᠠᠷ ᠦᠢᠯᠡᠴᠢᠯᠡᠬᠦ ᠴᠤᠭᠯᠠᠭᠠᠨ ᠥᠷᠨᠢᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠨ᠂ ᠠᠵᠤ ᠠᠬᠤᠶᠢᠯᠠᠯ ᠤᠨ︽ᠠᠵᠢᠯᠴᠢᠨ ᠬᠡᠷᠡᠭᠯᠡᠬᠦ ᠭᠠᠴᠢᠭ︾ ᠪᠠ ᠭᠤᠣᠯᠳᠠᠯᠭ᠎ᠠ ᠲᠠᠢ ᠬᠥᠮᠥᠰ ᠤᠨ ︽ᠠᠵᠢᠯ ᠣᠯᠬᠤ ᠬᠦᠴᠢᠷ︾ ᠠᠰᠠᠭᠤᠳᠠᠯ ᠢ ᠬᠦᠴᠦᠯᠡᠨ ᠰᠢᠢᠳᠪᠦᠷᠢᠯᠡᠵᠡᠢ᠃      ᠣᠳᠣᠬᠠᠨ ᠪᠤᠯᠲᠠᠯ᠎ᠠ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠤᠷᠢᠨ ᠡᠯᠰᠡᠬᠦ ᠠᠵᠢᠯᠯᠠᠭ᠎ᠠ ᠶᠢ 59 ᠲᠠᠯᠠᠪᠤᠷ ᠬᠠᠩᠭᠠᠵᠤ᠂ ᠰᠢᠭᠤᠳ ᠨᠡᠪᠲᠡᠷᠡᠭᠦᠯᠭᠡ ᠪᠠᠷ ᠬᠥᠲᠥᠯᠥᠨ ᠳᠠᠭᠠᠭᠤᠯᠵᠤ 225 ᠲᠠᠯᠠᠪᠠᠢ ᠤᠳᠠᠭ᠎ᠠ ᠶᠢᠨ ᠠᠵᠢᠯ ᠤᠨ ᠪᠠᠶᠢᠷᠢ ᠬᠠᠩᠭᠠᠵᠤ᠂ ᠬᠥᠮᠥᠨ ᠬᠡᠷᠡᠭᠯᠡᠬᠦ ᠨᠢᠭᠡᠴᠢ ᠶᠢ 7700 ᠤᠳᠠᠭ᠎ᠠ ᠲᠠᠨᠢᠯᠴᠠᠭᠤᠯᠵᠤ᠂ ᠲᠣᠪᠴᠢ ᠨᠠᠮᠲᠠᠷ ᠬᠦᠷᠭᠡᠭᠰᠡᠨ ᠬᠥᠮᠥᠨ ᠤ ᠲᠤᠭ᠎ᠠ 3.2 ᠲᠦᠮᠡᠨ ᠬᠥᠮᠥᠨ ᠤᠳᠠᠭ᠎ᠠ ᠳᠤ ᠬᠦᠷᠴᠦ᠂ 5358 ᠬᠥᠮᠥᠨ ᠤᠳᠠᠭ᠎ᠠ  ᠶᠢᠨ ᠭᠤᠣᠯᠳᠠᠯᠭ᠎ᠠ ᠲᠠᠢ ᠬᠥᠮᠥᠰ ᠤᠨ ᠪᠣᠯᠪᠠᠰᠤᠷᠠᠯ ᠥᠷᠨᠢᠭᠦᠯᠪᠡ᠃ ᠬᠥᠮᠥᠨ ᠪᠠ ᠠᠵᠢᠯ ᠤᠨ ᠪᠠᠶᠢᠷᠢ ᠬᠠᠷᠢᠯᠴᠠᠨ ᠵᠣᠬᠢᠴᠠᠬᠤ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠬᠦ ᠶᠢᠨ ᠲᠥᠯᠥᠭᠡ ︽ᠤᠷᠢᠬᠠᠨ ᠰᠠᠯᠬᠢ ᠠᠵᠢᠯᠯᠠᠭ᠎ᠠ︾ ᠶᠢᠨ ᠬᠤᠭᠤᠴᠠᠭᠠᠨ ᠳᠤ᠂ ᠭᠦᠭᠡᠬᠤᠲᠠ ᠶᠢᠨ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ᠠᠵᠢᠯ ᠤᠨ ᠪᠠᠶᠢᠷᠢ ᠶᠢᠨ ᠬᠡᠷᠡᠭᠴᠡᠭᠡ + ᠤᠷ᠎ᠠ ᠮᠡᠷᠭᠡᠵᠢᠯ ᠤᠨ ᠪᠣᠯᠪᠠᠰᠤᠷᠠᠯ + ᠤᠷ᠎ᠠ ᠮᠡᠷᠭᠡᠵᠢᠯ ᠤᠨ ᠦᠨᠡᠯᠡᠯᠲᠡ + ᠠᠵᠢᠯ ᠣᠯᠭᠤᠯᠲᠠ ᠶᠢᠨ ᠦᠢᠯᠡᠴᠢᠯᠡᠭᠡ︾ ᠵᠡᠷᠭᠡ ᠳᠥᠷᠪᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠶᠯᠴᠢᠯᠡᠭᠰᠡᠨ ᠪᠣᠯᠪᠠᠰᠤᠷᠠᠯ ᠤᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠪᠣᠯᠪᠠᠰᠤᠷᠠᠯ ᠤᠨ ᠳᠠᠷᠠᠭᠠᠬᠢ ᠠᠵᠢᠯ ᠣᠯᠭᠤᠯᠲᠠ ᠶᠢᠨ ᠮᠥᠷᠳᠡᠨ ᠦᠢᠯᠡᠴᠢᠯᠡᠬᠦ ᠶᠢ ᠴᠢᠩᠭᠠᠳᠬᠠᠨ᠂ ᠠᠵᠢᠯ ᠠᠯᠳᠠᠭᠰᠠᠨ ᠡᠮᠡᠭᠲᠡᠶᠢᠴᠦᠳ᠂ ᠬᠥᠳᠡᠭᠡ ᠲᠣᠰᠬᠤᠨ ᠤ ᠭᠦᠳᠡᠯᠮᠦᠷᠢ ᠬᠦᠴᠦᠨ ᠳᠤ ᠴᠢᠭᠯᠡᠭᠦᠯᠦᠨ 27 ᠣᠨᠴᠠᠯᠢᠭᠲᠤ ᠠᠵᠢᠯ ᠲᠥᠷᠥᠯ ᠤᠨ ᠪᠣᠯᠪᠠᠰᠤᠷᠠᠯ᠂ ᠨᠠᠰᠤᠲᠠᠨ ᠢ ᠠᠰᠠᠷᠠᠵᠤ ᠬᠥᠮᠥᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠲᠠᠢ ᠨᠢᠭᠲᠠ ᠤᠶᠠᠯᠳᠤᠭᠤᠯᠤᠨ᠂ ᠡᠪᠡᠳᠴᠢᠲᠡᠨ ᠢ ᠰᠤᠪᠢᠯᠠᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠣᠯᠪᠠᠰᠤᠷᠠᠯ ᠤᠨ ᠬᠢᠴᠢᠶᠡᠯ ᠨᠡᠭᠡᠭᠡᠵᠦ᠂ 1541 ᠬᠥᠮᠥᠨ ᠤᠳᠠᠭ᠎ᠠ ᠳᠤ  ᠠᠵᠢᠯ ᠣᠯᠭᠤᠯᠲᠠ ᠶᠢᠨ ᠤᠷ᠎ᠠ  ᠮᠡᠷᠭᠡᠵᠢᠯ ᠤᠨ ᠪᠣᠯᠪᠠᠰᠤᠷᠠᠯ  ᠬᠦᠷᠲᠡᠭᠡᠪᠡ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ