︵ᠰᠤᠷᠪᠤᠯᠵᠢᠯᠠᠭᠴᠢ ᠰᠦᠩ ᠰᠢᠶᠠᠩ ᠬᠤᠸᠠ︶ 4 ᠳ᠋ᠦ᠋ᠭᠡᠷ ᠰᠠᠷ᠎ᠠ ᠶᠢᠨ 14 ᠤ ᠡᠳᠦᠷ ᠰᠤᠷᠪᠤᠯᠵᠢᠯᠠᠭᠴᠢ ᠬᠥᠬᠡᠬᠤᠲᠠ ᠶᠢᠨ ᠭᠤᠣᠯ ᠤᠨ ᠳᠠᠷᠤᠭ᠎ᠠ ᠶᠢᠨ | ᠳᠦᠷᠢᠮ ᠤᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ︽ᠭᠤᠯᠳᠤᠷᠢᠯ ᠴᠡᠪᠡᠷᠯᠡᠬᠦ ᠠᠵᠢᠯᠯᠠᠭ᠎ᠠ︾ ᠶᠢᠨ ᠵᠢᠷᠤᠭᠠᠰᠤ ᠪᠤᠯᠠᠭᠠᠷᠢ | ᠪᠠᠶᠢᠷᠢᠯᠠᠭᠤᠯᠬᠤ ᠠᠵᠢᠯ ᠢ ᠨᠢᠭᠡᠨᠲᠡ ᠪᠦᠬᠦᠨ ᠢ ᠪᠡᠶᠡᠯᠡᠭᠦᠯᠪᠡ᠃ ᠡᠯ᠎ᠡ ᠬᠤᠰᠢᠭᠤ ᠰᠢᠶᠠᠨ ᠲᠣᠭᠤᠷᠢᠭ ᠵᠠᠰᠠᠭ ᠤᠨ ᠣᠷᠳᠣᠨ ᠵᠠᠷᠯᠠᠯ ᠨᠡᠶᠢᠲᠡᠯᠡᠬᠦ᠂ ᠤᠷᠢᠶ᠎ᠠ | ᠯᠣᠽᠦ᠋ᠩ ᠡᠯᠭᠦᠬᠦ᠂ ᠲᠣᠰᠬᠤᠨ ᠪᠠ ᠡᠷᠦᠬᠡ ᠳᠤ ᠣᠷᠣᠵᠤ ᠤᠬᠠᠭᠤᠯᠬᠤ ᠵᠡᠷᠭᠡ ᠠᠷᠭ᠎ᠠ ᠬᠡᠯᠪᠡᠷᠢ ᠪᠠᠷ ᠲᠠᠷᠢᠶᠠᠯᠠᠬᠤ ᠶᠢ ᠴᠠᠭᠠᠵᠠᠯᠠᠬᠤ ᠤᠬᠠᠭᠤᠯᠭ᠎ᠠ ᠶᠢ | ᠥᠷᠨᠢᠭᠦᠯᠵᠦ᠂ ᠨᠡᠶᠢᠲᠡ 527 ᠺᠢᠯᠤᠮᠧᠲᠷ ᠵᠢᠷᠤᠭᠠᠰᠤ ᠲᠠᠲᠠᠨ ᠪᠤᠯᠠᠭᠠᠷᠢ ᠪᠤᠯᠠᠵᠤ᠂ 7370 ᠭᠠᠵᠠᠷ ᠪᠤᠯᠠᠭᠠᠷᠢ᠂ ᠲᠤᠭ ᠪᠤᠰᠬᠠᠵᠠᠢ᠃ | ︽ᠭᠤᠯᠳᠤᠷᠢᠯ ᠴᠡᠪᠡᠷᠯᠡᠬᠦ ᠠᠵᠢᠯᠯᠠᠭ᠎ᠠ︾ ᠶᠢ ᠭᠦᠨᠵᠡᠭᠡᠢ ᠠᠬᠢᠭᠤᠯᠵᠤ᠂ ᠭᠤᠣᠯ ᠮᠥᠷᠡᠨ ᠤ ᠦᠶᠡᠷ ᠵᠠᠯᠠᠬᠤ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠭᠤᠣᠯ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠠᠵᠢᠯᠲᠠᠳ ᠬᠤᠷᠢᠨᠭᠡᠷ ᠰᠢᠶᠠᠨ᠂ ᠰᠠᠶᠢᠬᠠᠨ | ᠲᠣᠭᠤᠷᠢᠭ᠂ ᠲᠦᠮᠡᠳ ᠵᠡᠭᠦᠨ ᠬᠤᠰᠢᠭᠤ᠂ ᠢᠦᠢ ᠴᠢᠦᠸᠠᠨ ᠲᠣᠭᠤᠷᠢᠭ᠂ ᠴᠢᠩ ᠱᠦᠢ ᠾᠧ ᠰᠢᠶᠠᠨ᠂ ᠲᠣᠭᠲᠠᠬᠤ ᠰᠢᠶᠠᠨ ᠳᠤ ᠬᠦᠷᠴᠦ ᠲᠤᠬᠠᠢ ᠶᠢᠨ | ᠭᠠᠵᠠᠷ ᠲᠤᠨᠢ ᠬᠢᠨᠠᠨ ᠪᠠᠶᠢᠴᠠᠭᠠᠵᠤ᠂ ᠤᠯᠠᠭᠠᠨᠮᠥ᠋ᠷᠡᠨ᠂ ᠶᠡᠭᠡ ᠲᠦᠷᠭᠡᠨ ᠭᠤᠣᠯ ᠤᠨ ᠭᠤᠯᠳᠤᠷᠢᠯ ᠤᠨ ᠣᠷᠣᠨ ᠳᠤ ᠲᠠᠷᠢᠶᠠᠯᠠᠬᠤ ᠶᠢ ᠴᠠᠭᠠᠵᠠᠯᠠᠬᠤ ᠵᠢᠷᠤᠭᠠᠰᠤ | ᠪᠤᠯᠠᠭᠠᠷᠢ ᠪᠠᠶᠢᠷᠢᠯᠠᠭᠤᠯᠤᠭᠰᠠᠨ ᠪᠠᠶᠢᠳᠠᠯ ᠢ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠵᠦ᠂ ᠵᠠᠮ ᠳᠠᠭᠠᠤ ᠪᠤᠯᠠᠭᠠᠷᠢ ᠶᠢᠨ ᠶᠠᠰᠤ ᠴᠢᠨᠠᠷ ᠢ ᠰᠤᠭᠤᠴᠢᠨ | ᠪᠠᠶᠢᠴᠠᠭᠠᠵᠤ᠂ ᠲᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠲᠠ᠂ ᠲᠠᠷᠢᠶᠠᠯᠠᠬᠤ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠲᠠᠷᠢᠶᠠᠯᠠᠬᠤ ᠶᠢ | ᠴᠠᠭᠠᠵᠠᠯᠠᠬᠤ ᠵᠠᠷᠯᠢᠭ ᠢ ᠳᠠᠷᠤᠮᠠᠯᠯᠠᠨ ᠲᠠᠷᠬᠠᠭᠠᠬᠤ᠂ ᠲᠠᠷᠢᠶᠠᠯᠠᠬᠤ ᠶᠢ ᠴᠠᠭᠠᠵᠠᠯᠠᠬᠤ ᠱᠤᠭᠤᠮ ᠳᠤ ᠬᠤᠯᠪᠣᠭᠳᠠᠭᠰᠠᠨ ᠭᠠᠵᠠᠷ ᠤᠨ ᠰᠠᠭᠤᠷᠢ ᠲᠤᠭ᠎ᠠ ᠵᠢᠴᠢ | ᠡᠷᠬᠡ ᠶᠢ ᠲᠣᠭᠲᠠᠭᠠᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠣᠶᠢᠯᠠᠭᠠᠵᠤ᠂ ᠬᠤᠯᠪᠣᠭᠳᠠᠯ ᠪᠦᠬᠦᠢ | ᠬᠤᠰᠢᠭᠤ ᠰᠢᠶᠠᠨ ᠲᠣᠭᠤᠷᠢᠭ ᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠰᠢᠭᠲᠠᠢ ᠴᠠᠭ ᠲᠣᠬᠢᠶᠠᠯ ᠢ ᠠᠮᠵᠢᠵᠤ᠂ ᠤᠬᠠᠭᠤᠯᠵᠤ ᠬᠦᠳᠦᠯᠦᠨ | ᠵᠢᠯᠣᠭᠤᠳᠬᠤ ᠶᠢ ᠴᠢᠩᠭᠠᠳᠬᠠᠵᠤ᠂ ᠲᠠᠷᠢᠶᠠᠯᠠᠬᠤ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ ᠡᠷᠦᠬᠡ ᠪᠣᠯᠭᠠᠨ ᠳᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠨᠢ ᠬᠠᠮᠢᠶ᠎ᠠ ᠪᠥᠬᠦᠶ ᠬᠤᠰᠢᠭᠤ ᠰᠢᠶᠠᠨ | ᠲᠣᠭᠤᠷᠢᠭ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ ᠪᠠᠶᠢᠴᠠᠭᠠᠯᠲᠠ ᠬᠢᠵᠦ᠂ ︽ᠭᠤᠯᠳᠤᠷᠢᠯ ᠴᠡᠪᠡᠷᠯᠡᠬᠦ ᠠᠵᠢᠯᠯᠠᠭ᠎ᠠ︾ ᠶᠢᠨ | ᠭᠤᠤᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠶᠡᠭᠡ ᠡᠷᠴᠢᠮ ᠢᠶᠠᠷ ︽ᠭᠤᠯᠳᠤᠷᠢᠯ ᠴᠡᠪᠡᠷᠯᠡᠬᠦ ᠠᠵᠢᠯᠯᠠᠭ᠎ᠠ︾ | ᠶᠢᠨ ᠡᠯ᠎ᠡ ᠵᠦᠢᠯ ᠤᠨ ᠠᠵᠢᠯ ᠢ ᠲᠣᠭᠲᠠᠭᠰᠠᠨ ᠬᠤᠭᠤᠴᠠᠭᠠᠨ ᠳᠤ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | | |