2025 ᠣᠨ ᠤ 1—3 ᠳ᠋ᠤᠭᠠᠷ ᠰᠠᠷ᠎ᠠ ᠳᠤ᠂ ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 75.67 | ᠳ᠋ᠦᠩᠰᠢᠭᠤᠷ ᠲᠥᠭᠦᠷᠢᠭ ᠬᠦᠷᠴᠦ᠂ ᠳᠡᠭᠡᠷ᠎ᠡ ᠵᠢᠯ ᠤᠨ ᠬᠢ ᠠᠴᠠ 6.29 ᠳ᠋ᠦᠩᠰᠢᠭᠤᠷ ᠲᠥᠭᠦᠷᠢᠭ ᠨᠡᠮᠡᠭᠳᠡᠵᠦ᠂ 9.1% ᠪᠠᠷ ᠨᠡᠮᠡᠭᠳᠡᠪᠡ᠃ | ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠨᠡᠶᠢᠲᠡ 123.65 ᠳ᠋ᠦᠩᠰᠢᠭᠤᠷ ᠲᠥᠭᠦᠷᠢᠭ ᠬᠦᠷᠴᠦ᠂ ᠳᠡᠭᠡᠷ᠎ᠡ | ᠵᠢᠯ ᠤᠨ ᠬᠢ ᠠᠴᠠ 5.4 ᠳ᠋ᠦᠩᠰᠢᠭᠤᠷ ᠲᠥᠭᠦᠷᠢᠭ ᠨᠡᠮᠡᠭᠳᠡᠵᠦ᠂ 4.6% ᠪᠠᠷ ᠨᠡᠮᠡᠭᠳᠡᠪᠡ᠃ ᠡᠭᠦᠨ ᠳᠤ᠂ ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠵᠠᠷᠤᠯᠭ᠎ᠠ 13.28 ᠳ᠋ᠦᠩᠰᠢᠭᠤᠷ ᠲᠥᠭᠦᠷᠢᠭ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 5.41 ᠳ᠋ᠦᠩᠰᠢᠭᠤᠷ ᠲᠥᠭᠦᠷᠢᠭ᠂ ᠰᠤᠷᠭᠠᠨ | ᠬᠥᠮᠦᠵᠢᠯ ᠤᠨ ᠵᠠᠷᠤᠯᠭ᠎ᠠ 14.31 ᠳ᠋ᠦᠩᠰᠢᠭᠤᠷ ᠲᠥᠭᠦᠷᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 1.21 ᠳ᠋ᠦᠩᠰᠢᠭᠤᠷ ᠲᠥᠭᠦᠷᠢᠭ᠂ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 20.06 ᠳ᠋ᠦᠩᠰᠢᠭᠤᠷ ᠲᠥᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ | ᠤᠯᠭᠤᠯᠲᠠ ᠶᠢᠨ ᠵᠠᠷᠤᠯᠭ᠎ᠠ20.06 ᠳ᠋ᠦᠩᠰᠢᠭᠤᠷ ᠲᠥᠭᠦᠷᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 6.98 ᠳ᠋ᠦᠩᠰᠢᠭᠤᠷ ᠲᠥᠭᠦᠷᠢᠭ᠂ | ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠠᠷᠤᠯᠭ᠎ᠠ 4.18 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠵᠠᠷᠤᠯᠭ᠎ᠠ 20.3 ᠳ᠋ᠦᠩᠰᠢᠭᠤᠷ ᠲᠥᠭᠦᠷᠢᠭ᠂ ᠲᠠᠷᠢᠶᠠᠯᠠᠩ ᠣᠶ ᠰᠢᠭᠤᠶ ᠤᠰᠤᠨ ᠠᠰᠢᠭᠯᠠᠯᠲᠠ ᠶᠢᠨ ᠵᠠᠷᠤᠯᠭ᠎ᠠ 6.12 ᠳ᠋ᠦᠩᠰᠢᠭᠤᠷ ᠲᠥᠭᠦᠷᠢᠭ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 10.33 ᠳ᠋ᠦᠩᠰᠢᠭᠤᠷ ᠲᠥᠭᠦᠷᠢᠭ᠂ ᠡᠬᠢ ᠪᠠᠶᠠᠯᠢᠭ ᠤᠨ ᠬᠠᠶᠢᠨ ᠰᠢᠨᠵᠢᠯᠡᠯᠲᠡ ᠮᠡᠳᠡᠭᠡ ᠵᠠᠩᠭᠢ ᠵᠡᠷᠭᠡ ᠵᠠᠷᠤᠯᠭ᠎ᠠ 5. | 29 ᠳ᠋ᠦᠩᠰᠢᠭᠤᠷ ᠲᠥᠭᠦᠷᠢᠭ᠂ ᠬᠤᠳᠠᠯᠳᠤᠭ᠎ᠠ ᠦᠢᠯᠡᠴᠢᠯᠡᠭᠡᠨ ᠤ ᠦᠢᠯᠡᠰ ᠵᠡᠷᠭᠡ ᠵᠠᠷᠤᠯᠭ᠎ᠠ 0.93 ᠳ᠋ᠦᠩᠰᠢᠭᠤᠷ ᠲᠥᠭᠦᠷᠢᠭ᠂ ᠪᠠᠶᠢᠭᠠᠯᠢ ᠶᠢᠨ ᠡᠬᠢ | ᠪᠠᠶᠠᠯᠢᠭ ᠳᠠᠯᠠᠢ ᠲᠠᠩᠭᠢᠰ ᠤᠨ ᠴᠠᠭ ᠠᠭᠤᠷ ᠵᠡᠷᠭᠡ ᠵᠠᠷᠤᠯᠭ᠎ᠠ 0.93 ᠳ᠋ᠦᠩᠰᠢᠭᠤᠷ ᠲᠥᠭᠦᠷᠢᠭ᠂ ᠤᠷᠤᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 5.89 | ᠳ᠋ᠦᠩᠰᠢᠭᠤᠷ ᠲᠥᠭᠦᠷᠢᠭ᠂ ᠭᠠᠮᠰᠢᠭ ᠢ ᠰᠡᠷᠭᠡᠶᠢᠯᠡᠨ ᠵᠠᠰᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠷᠤᠯᠭ᠎ᠠ 0.95 ᠳ᠋ᠦᠩᠰᠢᠭᠤᠷ | ᠲᠥᠭᠦᠷᠢᠭ᠂ ᠥᠷᠢ ᠥᠭᠴᠡᠭᠡ ᠶᠢᠨ ᠬᠦᠦ ᠮᠦᠩᠭᠦ ᠶᠢ ᠲᠦᠯᠦᠬᠦ ᠵᠠᠷᠤᠯᠭ᠎ᠠ2.41 ᠳ᠋ᠦᠩᠰᠢᠭᠤᠷ ᠲᠥᠭᠦᠷᠢᠭ᠂ ᠪᠤᠰᠤᠳ ᠲᠥᠷᠥᠯ ᠤᠨ ᠵᠠᠷᠤᠯᠭ᠎ᠠ 2.8 | ᠳ᠋ᠦᠩᠰᠢᠭᠤᠷ ᠲᠥᠭᠦᠷᠢᠭ ᠵᠡᠷᠭᠡ ᠪᠠᠭᠲᠠᠨ᠎ᠠ᠃ | ᠪᠦᠬᠦ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠨᠡᠶᠢᠲᠡ 21.26 ᠳ᠋ᠦᠩᠰᠢᠭᠤᠷ ᠲᠥᠭᠦᠷᠢᠭ ᠬᠦᠷᠪᠡ᠃ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ ᠨᠡᠶᠢᠲᠡ 26.19 ᠳ᠋ᠦᠩᠰᠢᠭᠤᠷ ᠲᠥᠭᠦᠷᠢᠭ ᠬᠦᠷᠪᠡ᠃ |