ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2025/4/16
ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠠᠴᠠ ᠮᠤᠵᠢ ︵ᠦᠪᠡᠷᠳᠡᠭᠡᠨ ᠵᠠᠰᠠᠬᠤ ᠣᠷᠣᠨ᠂ ᠬᠤᠳᠠ ︶ ᠶᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠪᠠ ᠲᠦᠪ ᠤᠨ ᠠᠷᠪᠠᠳᠤᠭᠠᠷ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠦᠷᠰᠢ ᠵᠡᠷᠭᠡᠯᠡᠳᠡᠭᠡ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠭᠦᠨᠵᠡᠭᠡᠶ ᠠᠭᠤᠰᠤᠯᠴᠠᠵᠤ᠂ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ᠃ ᠣᠷᠣᠨ ᠤ ᠲᠥᠪ ᠬᠤᠲᠠ ᠶᠢᠨ ᠤᠯᠤᠰ ᠲᠥᠷᠥ᠂ ᠠᠵᠤ ᠠᠬᠤᠢ᠂ ᠰᠣᠶᠣᠯ᠂ ᠣᠷᠣᠨ ᠪᠠᠶᠢᠷᠢ ᠵᠡᠷᠭᠡ ᠲᠠᠯ᠎ᠠ ᠶᠢᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠳᠤᠮᠳᠠᠳᠤ ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢᠨ ᠬᠡᠮᠵᠢᠶ᠎ᠡ ᠶᠢ ᠨᠡᠮᠡᠭᠳᠡᠭᠦᠯᠦᠨ ᠪᠠᠭᠲᠠᠭᠠᠮᠵᠢ ᠶᠢ ᠥᠷᠭᠡᠳᠬᠡᠬᠦ᠂ ᠭᠠᠳᠠᠭᠠᠳᠤ ᠠᠷᠠᠯᠵᠢᠶᠠᠨ ᠤ ᠬᠠᠮᠲᠤᠷᠠᠯᠴᠠᠭ᠎ᠠ᠂ ᠤᠯᠠᠨ ᠤᠯᠤᠰ ᠤᠨ ᠨᠥᠬᠦᠷᠰᠡᠭ ᠬᠤᠳᠠ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ᠬᠦᠷᠰᠢ ᠵᠡᠷᠭᠡᠯᠡᠳᠡᠭᠡ ᠶᠢᠨ ᠤᠯᠤᠰ ᠯᠤᠭ᠎ᠠ ᠶᠢᠨ ᠰᠣᠶᠣᠯ᠂ ᠵᠢᠭᠤᠯᠴᠢᠯᠠᠯ᠂ ᠰᠤᠷᠭᠠᠨ ᠬᠥᠮᠦᠵᠢᠯ᠂ ᠡᠮ ᠡᠮᠨᠡᠯᠭᠡ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ᠂ ᠤᠯᠤᠰ ᠤᠨ ᠭᠠᠳᠠᠭᠠᠳᠤ ᠨᠡᠭᠡᠭᠡᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤ ᠣᠷᠣᠨ ᠤ ᠲᠥᠪ ᠬᠤᠲᠠ ᠶᠢᠨ ᠬᠦᠴᠦᠨ ᠴᠢᠳᠠᠯ ᠢᠶᠠᠨ ᠦᠨᠡᠨ ᠬᠦ ᠡᠷᠭᠦᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠲᠠᠶᠢᠴᠢᠯᠠᠯᠳᠠ ᠶᠢᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠲᠥᠪ ᠤᠨ ᠥᠪᠡᠷᠲᠡᠭᠡᠨ ᠵᠠᠰᠠᠬᠤ ᠣᠷᠣᠨ ᠢ ᠲᠣᠭᠤᠷᠢᠨ ᠪᠠᠶᠢᠴᠠᠭᠠᠬᠤ ᠠᠵᠢᠯ ᠢ ᠬᠠᠮᠵᠢᠯᠴᠠᠨ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠣᠷᠣᠨ ᠤ ᠲᠥᠪ ᠬᠤᠲᠠ ᠳᠤ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠳᠤᠮᠳᠠ ᠬᠡᠰᠡᠭ᠂ ᠡᠮᠦᠨ᠎ᠡ ᠬᠡᠰᠡᠭ᠂ ᠬᠤᠶᠢᠲᠤ ᠬᠡᠰᠡᠭ᠂ ᠬᠠᠳᠤᠨ ᠭᠤᠣᠯ ᠳᠠᠭᠠᠤ ᠶᠢᠨ ᠠᠵᠤ ᠦᠢᠯᠡᠰ ᠤᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠰᠤᠳᠤᠯᠵᠤ᠂ ᠠᠵᠤ ᠦᠢᠯᠡᠰ ᠤᠨ ᠪᠦᠰᠡ ᠳᠡᠭᠡᠷᠡᠬᠢ ᠬᠦᠷᠢᠶᠡᠯᠡᠩ ᠲᠣᠭᠤᠷᠢᠭ ᠢ ᠨᠡᠪᠲᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ᠂ ᠨᠢᠭᠡ ᠴᠤᠭᠴᠠᠵᠢᠭᠤᠯᠤᠨ ᠠᠬᠢᠭᠤᠯᠵᠤ᠂ ᠴᠢᠳᠠᠮᠵᠢ ᠪᠠᠨ ᠬᠠᠷᠢᠯᠴᠠᠨ ᠨᠥᠬᠦᠪᠥᠷᠢᠯᠡᠬᠦ᠂ ᠣᠷᠣᠨ ᠪᠠᠶᠢᠷᠢ ᠰᠣᠯᠪᠢᠴᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ ᠠᠵᠤ ᠦᠢᠯᠡᠰ ᠤᠨ ᠪᠦᠭᠡᠮᠨᠡᠷᠡᠯ ᠢ ᠬᠤᠯᠪᠣᠯᠳᠤᠭᠤᠯᠵᠤ᠂ ᠤᠨᠴᠠᠯᠢᠬᠳᠤ ᠭᠤᠣᠯᠯᠠᠬᠤ ᠠᠵᠤ ᠦᠢᠯᠡᠰ ᠢ ᠬᠦᠴᠦᠷᠬᠡᠭᠵᠢᠭᠦᠯᠵᠦ᠂ ᠠᠵᠤ ᠦᠢᠯᠡᠰ ᠤᠨ ᠪᠦᠭᠡᠮᠨᠡᠷᠡᠯ ᠤᠨ ᠬᠤᠭᠤᠷᠣᠨᠳᠣᠬᠢ ᠬᠠᠷᠢᠯᠴᠠᠭ᠎ᠠ ᠶᠢ ᠨᠡᠪᠲᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠬᠤᠯᠪᠣᠯᠳᠤᠯ ᠢ ᠤᠶᠠᠯᠳᠤᠭᠤᠯᠤᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠦᠷᠢᠯᠳᠦᠭᠦᠯᠬᠦ ᠬᠡᠷᠡᠭᠲᠡᠢ᠃ ᠰᠠᠭᠤᠷᠢ ᠲᠥᠬᠦᠭᠡᠷᠦᠮᠵᠢ ᠶᠢ ᠬᠠᠮᠲᠤ ᠪᠠᠷ ᠡᠳ᠋ᠯᠡᠵᠦ᠂ ᠤᠰᠤ ᠴᠠᠬᠢᠯᠭᠠᠨ ᠬᠡᠢ ᠳᠤᠯᠠᠭᠠᠯᠠᠭ᠎ᠠ ᠵᠠᠮ ᠵᠡᠷᠭᠡ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠪᠦᠬᠦ ᠬᠦᠴᠦᠨ ᠵᠦᠢᠯ ᠢᠶᠠᠷ ᠪᠠᠲᠤᠯᠠᠬᠤ ᠬᠡᠷᠡᠭᠲᠡᠢ᠃ ᠠᠵᠤ ᠦᠢᠯᠡᠰ ᠤᠨ ᠵᠢᠷᠤᠭ ᠲᠥᠰᠦᠪ ᠢ ᠲᠣᠳᠣᠷᠬᠠᠢ ᠪᠣᠯᠭᠠᠵᠤ᠂ ᠬᠤᠳᠠᠯᠳᠤᠭᠠᠴᠢᠨ ᠤᠷᠢᠬᠤ ᠭᠤᠣᠯᠳᠠᠯᠭ᠎ᠠ ᠶᠢ ᠠᠳᠬᠤᠵᠤ᠂ ᠬᠠᠨᠳᠤᠯᠭᠠᠲᠤ ᠴᠢᠨᠠᠷᠲᠠᠢ ᠪᠠᠷ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠨᠥᠬᠦᠪᠥᠷᠢᠯᠡᠵᠦ ᠬᠡᠯᠬᠢᠶ᠎ᠡ ᠪᠠᠨ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠲᠠᠲᠠᠬᠤ ᠶᠢ ᠲᠤᠪᠤᠶᠢᠯᠭᠠᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠪᠠᠷ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠤᠳᠤᠯ ᠪᠤᠳᠤᠯ ᠢᠶᠠᠷ ᠢᠶᠠᠨ ᠬᠢᠬᠦ᠂ ᠳᠣᠲᠣᠷ᠎ᠠ ᠶᠢᠨ ᠥᠷᠢᠰᠥᠯᠳᠦᠭᠡᠨ ᠠᠴᠠ ᠵᠠᠶᠢᠯᠠᠰᠬᠢᠬᠦ ᠬᠡᠷᠡᠭᠲᠡᠢ᠃ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ ᠳᠡᠭᠡᠭᠰᠢ ᠦᠰᠦᠷᠦᠨ ᠥᠨᠳᠥᠷ ᠲᠤ ᠬᠦᠷᠴᠦ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠴᠢᠨᠠᠷ ᠰᠠᠶᠢᠲᠠᠢ ᠤᠯᠤᠰ ᠤᠨ ᠲᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠮᠠᠨ ᠤ ᠬᠤᠲᠠ ᠶᠢᠨ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠭᠰᠡᠨ ᠪᠥᠭᠡᠳ ᠪᠤᠰᠤᠳ ᠵᠦᠢᠯᠡᠰ ᠢ ᠰᠤᠳᠤᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ