ᠾᠧ ᠬᠠᠢ ᠳ᠋ᠦᠩ ᠮᠣᠩᠭᠤᠯ ᠤᠯᠤᠰ ᠤᠨ ᠲᠥᠪ ᠠᠶᠢᠮᠠᠭ ᠤᠨ ᠳᠠᠷᠤᠭ᠎ᠠ ᠯ᠊ · ᠲᠡᠮᠦᠷᠴᠢᠳᠦᠷ ᠨᠠᠷ ᠲᠠᠢ ᠠᠭᠤᠯᠵᠠᠵᠤ ᠭᠡᠷ᠎ᠡ ᠲᠣᠭᠲᠠᠬᠤ ᠶᠢ ᠭᠡᠷᠡᠴᠢᠯᠡᠪᠡ
ᠨᠡᠶᠢᠲᠡᠯᠡᠭᠰᠡᠨ ᠴᠠᠭ᠄
2025/4/16
       ︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠮᠣᠩᠭᠤᠯ ᠤᠯᠤᠰ ᠤᠨ ᠲᠥᠪ ᠠᠶᠢᠮᠠᠭ ᠤᠨ ᠳᠠᠷᠤᠭ᠎ᠠ ᠯ᠊ · ᠲᠡᠮᠦᠷᠴᠢᠳᠦᠷ ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠣᠯᠠᠨ ᠤᠯᠤᠰ ᠤᠨ ᠨᠥᠬᠦᠷᠰᠡᠭ ᠬᠤᠲᠠ ᠶᠢᠨ ᠬᠠᠷᠢᠯᠴᠠᠭ᠎ᠠ ᠶᠢ ᠵᠢᠩᠬᠢᠨᠢ ᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠵᠤ᠂ ᠮᠤᠩᠭᠤᠯ ᠤᠯᠤᠰ ᠤᠨ ᠲᠥᠪ ᠠᠶᠢᠮᠠᠭ ᠨᠢ ᠮᠠᠨ ᠤ ᠬᠤᠲᠠ ᠶᠢᠨ ᠣᠯᠠᠨ ᠤᠯᠤᠰ ᠤᠨ ᠨᠥᠬᠦᠷᠰᠡᠭ ᠬᠤᠲᠠ ᠪᠣᠯᠪᠠ᠃       ᠠᠭᠤᠯᠵᠠᠯᠲᠠ ᠳᠤ᠂ ᠬᠤᠶᠠᠷ ᠲᠠᠯ᠎ᠠ ᠪᠠᠷ ᠢᠶᠠᠨ ᠣᠲᠣ ᠦᠶ᠎ᠡ ᠶᠢᠨ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ᠂ ᠬᠢᠯᠢ ᠠᠯᠤᠰᠯᠠᠭᠰᠠᠨ ᠵᠢᠭᠤᠯᠴᠢᠯᠠᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠮᠢᠲᠠᠨ ᠤ ᠡᠪᠡᠳᠴᠢᠨ ᠬᠤᠷᠣᠬᠠᠶ ᠶᠢᠨ ᠭᠠᠮᠰᠢᠭ ᠬᠢᠵᠢᠭ ᠢ ᠰᠡᠷᠭᠡᠶᠢᠯᠡᠬᠦ ᠵᠡᠷᠭᠡ ᠲᠥᠷᠥᠯ ᠵᠦᠢᠯ ᠤᠨ ᠲᠤᠬᠠᠶ ᠭᠦᠨᠵᠡᠭᠡᠶ ᠰᠣᠯᠢᠯᠴᠠᠭ᠎ᠠ ᠬᠢᠬᠦ ᠶᠢᠨ ᠬᠠᠮᠲᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠺᠦᠨ ᠤᠷᠤᠯᠴᠠᠵᠠᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ