ᠲᠦᠷᠦᠭᠦᠬᠡᠨ ᠪᠦᠭᠦ ᠤᠯᠤᠰ ᠤᠨ ᠠᠩᠬᠠᠳᠠᠭᠴᠢ ︽BX70B ︵ᠴᠢᠩᠭᠡᠯᠢᠭ ᠲᠤ ᠲᠤᠰᠬᠠᠢ ᠬᠡᠷᠡᠭᠯᠡᠬᠦ ᠵᠠᠳᠠᠭᠠᠢ ᠲᠡᠷᠭᠡ︶︾ ᠲᠤᠰᠬᠠᠢ ᠲᠡᠭᠡᠭᠡᠪᠦᠷᠢ | ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠭᠦᠭᠡᠬᠤᠲᠠ ᠠᠴᠠ ᠮᠣᠷᠳᠠᠪᠠ᠃ ᠲᠤᠰ ᠵᠢᠰᠢᠶᠠᠨ ᠤ ᠭᠠᠯᠲᠤ ᠲᠡᠷᠭᠡ ᠨᠢ ᠬᠠᠢ ᠰᠢᠨ ᠲᠡᠮᠳᠡᠭᠲᠦ | ᠬᠥᠯᠳᠡᠭᠡᠭᠦᠷ᠂ ᠲᠧᠯᠸᠢᠰ᠂ ᠬᠤᠪᠴᠠᠰᠤ ᠤᠬᠢᠶᠠᠬᠤ ᠮᠠᠰᠢᠨ ᠵᠡᠷᠭᠡ ᠪᠠᠷᠠᠭ᠎ᠠ ᠠᠴᠢᠵᠤ᠂ ᠭᠦᠭᠡᠬᠤᠲᠠ ᠶᠢᠨ ᠡᠯᠡᠰᠦᠨ ᠨᠢᠷᠤᠭᠤ ᠤᠯᠠᠨ ᠤᠯᠤᠰ ᠤᠨ ᠡᠬᠡ | ᠬᠠᠭᠤᠷᠠᠢ ᠶᠢᠨ ᠭᠠᠷᠠᠮ ᠠᠴᠠ ᠮᠣᠷᠳᠠᠵᠤ᠂ ᠡᠷᠢᠶᠡᠨ ᠤ ᠲᠡᠮᠦᠷ ᠵᠠᠮ ᠤᠨ ᠬᠢᠯᠢ ᠶᠢᠨ ᠪᠣᠭᠤᠮᠲᠠ ᠪᠠᠷ ᠳᠠᠮᠵᠢᠨ᠂ ᠤᠷᠤᠰ ᠤᠨ ᠮᠣᠰᠺᠸᠠ ᠶᠢᠨ ᠱᠧᠯᠢᠶᠠᠵᠢᠨᠣ᠋ | ᠦᠷᠲᠡᠭᠡ ᠬᠦᠷᠴᠦ᠂ ᠨᠡᠶᠢᠳᠡ 7500 ᠭᠠᠷᠤᠢ ᠺᠢᠯᠣᠮᠧᠲᠷ ᠠᠶᠠᠯᠠᠬᠤ ᠪᠣᠯᠣᠨ᠎ᠠ᠃ | ᠲᠤᠰ ᠵᠢᠰᠢᠶᠠᠨ ᠤ ᠭᠠᠯᠲᠤ ᠲᠡᠷᠭᠡ ᠨᠡᠪᠲᠡᠷᠡᠭᠰᠡᠨ ᠨᠢ ᠮᠠᠨ ᠤ ᠤᠯᠤᠰ ᠤᠨ ᠬᠢᠯᠢ ᠠᠯᠤᠰᠯᠠᠭᠰᠠᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ | ᠠᠷᠭ᠎ᠠ ᠭᠡᠯᠪᠡᠷᠢ ᠶᠢ ᠤᠯᠠᠮ ᠪᠠᠶᠠᠯᠢᠭᠵᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠭᠦᠭᠡᠬᠤᠳᠠ ᠶᠢᠨ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠬᠤ ᠳᠤ ᠬᠦᠴᠦᠨ ᠨᠡᠮᠡᠷᠢᠯᠡᠬᠦ ᠪᠣᠯᠣᠨ᠎ᠠ᠃ | BX70B ᠴᠢᠩᠭᠡᠯᠢᠭ ᠲᠤ ᠲᠤᠰᠬᠠᠢ ᠬᠡᠷᠡᠭᠯᠡᠬᠦ ᠵᠠᠳᠠᠭᠠᠢ ᠲᠡᠷᠭᠡ ᠪᠣᠯ ᠣᠳᠣᠬᠠᠨ ᠤ ᠤᠯᠤᠰ ᠤᠨ ᠳᠣᠲᠣᠭᠠᠳᠤ ᠶᠢᠨ ᠨᠡᠶᠢᠳᠡᠮ ᠤᠨ ᠬᠡᠷᠡᠭᠯᠡᠭᠡᠨ ᠤ | ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ ᠶᠢᠨ ᠳᠣᠲᠣᠷᠠᠬᠢ ᠬᠠᠮᠤᠭ ᠤᠨ ᠤᠷᠳᠤ ᠲᠡᠷᠭᠡ ᠪᠣᠯᠣᠨ᠎ᠠ᠃ ᠲᠤᠰ ᠲᠡᠷᠭᠡ ᠨᠢ 26.36 ᠮᠧᠲᠷ ᠤᠷᠳᠤ᠂ | ᠵᠠᠳᠠᠭᠠᠢ ᠲᠡᠷᠭᠡ ᠪᠦᠷᠢ ᠨᠢ 40 ᠲᠣᠬᠤᠢ ᠤᠷᠳᠤ ᠬᠤᠶᠠᠷ ᠴᠢᠩᠭᠡᠯᠢᠭ ᠢ ᠠᠴᠢᠶᠠᠯᠠᠵᠤ᠂ ᠡᠩ ᠤᠨ ᠴᠢᠩᠭᠡᠯᠢᠭᠳᠦ ᠪᠠᠷᠠᠭᠠᠨ ᠤ ᠵᠢᠰᠢᠶᠠᠨ ᠤ ᠭᠠᠯᠲᠤ ᠲᠡᠷᠭᠡ ᠶᠢᠨ | ᠬᠤᠶᠠᠷ ᠳᠠᠭᠢᠨ ᠪᠠᠷᠠᠭ᠎ᠠ ᠶᠢ ᠲᠡᠭᠡᠭᠡᠪᠦᠷᠢᠯᠡᠵᠦ ᠪᠣᠯᠣᠨ᠎ᠠ᠃ ᠡᠨᠡ ᠨᠢ ᠵᠢᠰᠢᠶᠠᠨ ᠤ ᠭᠠᠯᠲᠤ ᠲᠡᠷᠭᠡ ᠶᠢᠨ ᠪᠠᠷᠠᠭᠠᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠠᠷᠠᠭᠠᠴᠢ ᠪᠠᠷ ᠬᠦᠢᠲᠡᠨ ᠬᠡᠯᠬᠢᠶᠡᠲᠦ ᠵᠢᠰᠢᠶᠠᠨ ᠤ ᠭᠠᠯᠲᠤ ᠲᠡᠷᠭᠡ ᠶᠢ ᠨᠡᠪᠲᠡᠷᠡᠭᠦᠯᠬᠦ ᠳᠤ ᠰᠠᠭᠤᠷᠢ ᠲᠠᠯᠪᠢᠪᠠ᠃ | BX70B ᠵᠢᠰᠢᠶᠠᠨ ᠤ ᠭᠠᠯᠲᠤ ᠲᠡᠷᠭᠡ ᠪᠣᠯ ᠭᠦᠭᠡᠬᠤᠲᠠ ᠪᠣᠯᠣᠨ ᠳᠤᠮᠳᠠᠳᠤ ᠤᠯᠤᠰ ᠤᠨ ᠲᠡᠮᠦᠷ ᠵᠠᠮ ᠤᠨ ᠣᠨᠴᠠᠭᠠᠢ ᠪᠠᠷᠠᠭᠠᠨ ᠤ ᠲᠡᠭᠡᠭᠡᠪᠦᠷᠢ | ᠶᠢᠨ ᠭᠦᠭᠡᠬᠤᠲᠠ ᠶᠢᠨ ᠬᠤᠪᠢᠶᠠᠷᠢ ᠺᠤᠮᠫᠠᠨᠢ᠂ ᠥᠪᠥᠷ ᠮᠣᠩᠭᠤᠯ ᠤᠨ ᠳᠤᠮᠳᠠᠳᠤ ᠭᠠᠳᠠᠭᠠᠳᠤ ᠶᠢᠨ ᠲᠡᠭᠡᠭᠡᠪᠦᠷᠢ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ | ᠶᠢᠨ ᠬᠢᠵᠠᠭᠠᠷᠲᠤ ᠺᠤᠮᠫᠠᠨᠢ ᠬᠠᠮᠲᠤᠷᠠᠵᠤ ᠪᠠᠷᠠᠭᠠᠨ ᠤ ᠲᠡᠭᠡᠭᠡᠪᠦᠷᠢ ᠶᠢᠨ ᠵᠠᠭᠪᠤᠷ ᠤᠨ ᠰᠢᠨ᠎ᠡ ᠶᠢ ᠡᠭᠦᠳᠦᠭᠰᠡᠨ ᠴᠢᠬᠤᠯᠠ ᠦᠷ᠎ᠡ ᠪᠦᠲᠦᠭᠡᠯ ᠪᠠᠶᠢᠵᠤ᠂ ᠵᠢᠰᠢᠶᠠᠨ ᠤ | ᠭᠠᠯᠲᠤ ᠲᠡᠷᠭᠡ ᠶᠢᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠳᠠᠭᠠᠭᠠᠴᠠ ᠶᠢ | ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠭᠦᠭᠡᠬᠤᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠵᠠᠩᠭᠢᠯᠠᠭ᠎ᠠ ᠶᠢᠨ ᠴᠡᠭ ᠤᠨ | ᠬᠤᠲᠠ ᠶᠢ ᠱᠠᠯᠠᠪᠳᠠᠨ ᠪᠠᠶᠢᠭᠤᠯᠵᠤ᠂ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠢᠳᠡᠪᠬᠢᠲᠡᠢ | ᠦᠢᠯᠡᠳᠦᠯ ᠦᠵᠡᠭᠦᠯᠭᠦ ᠪᠣᠯᠣᠨ᠎ᠠ᠃ | |