ᠭᠦᠭᠡᠬᠤᠲᠠ ᠶᠢᠨ ᠳᠣᠯᠣᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠤᠨ ᠬᠠᠮᠲᠤ ᠶᠢᠨ ᠨᠣᠮ ᠤᠩᠰᠢᠯᠭ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/4/16
      ᠣᠶᠢᠷ᠎ᠠ ᠶᠢᠨ ᠡᠳᠦᠷ᠂ ᠭᠦᠭᠡᠬᠤᠲᠠ ᠶᠢᠨ ᠳᠣᠯᠣᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠤᠨ ᠬᠠᠮᠲᠤ ᠶᠢᠨ ᠨᠣᠮ ᠤᠩᠰᠢᠯᠭ᠎ᠠ ᠶᠢᠨ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠭᠦᠭᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠲᠤ ᠶᠠᠪᠤᠭᠳᠠᠪᠠ᠃ ᠡᠭᠢᠯᠡᠯᠲᠡ ᠶᠢᠨ ᠶᠣᠰᠣᠯᠠᠯ ᠳᠡᠭᠡᠷ᠎ᠡ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠬᠯᠠᠯᠲᠠ ᠭᠠᠷᠭᠠᠵᠤ᠂ ᠰᠤᠷᠤᠬᠴᠢᠳ ᠯᠢ ᠪᠠᠢ ᠶᠢᠨ ︽ᠯᠦᠱᠠᠨ ᠠᠭᠤᠯᠠ ᠶᠢᠨ ᠬᠦᠷᠬᠢᠷ᠎ᠡ ᠶᠢ ᠪᠠᠷᠠᠯᠠᠬᠤᠶ᠎ᠠ︾᠂ ︽ᠰᠠᠷᠠᠨ ᠤ ᠳᠣᠣᠷ᠎ᠠ ᠰᠠᠷᠬᠤᠳ ᠠᠮᠰᠠᠬᠤᠢ︾ ᠵᠡᠷᠭᠡ ᠠᠷᠪᠠ ᠭᠠᠷᠤᠢ ᠰᠣᠩᠭᠤᠳᠠᠭ ᠰᠢᠯᠦᠭ ᠳᠠᠭᠤᠯᠠᠯ ᠢ ᠤᠶᠠᠩᠭᠠᠯᠠᠨ ᠤᠩᠰᠢᠵᠤ᠂ ᠠᠬᠤᠢ ᠪᠠᠶᠢᠳᠠᠯ ᠢ ᠢᠯᠡᠷᠡᠭᠦᠯᠦᠨ ᠲᠣᠭᠯᠠᠬᠤ᠂ ᠴᠠᠷᠭᠢᠯ ᠬᠤᠯᠪᠤᠭ᠎ᠠ ᠵᠡᠷᠭᠡ ᠤᠷᠠᠯᠢᠭ ᠤᠨ ᠭᠡᠯᠪᠡᠷᠢ ᠶᠢ ᠠᠭᠤᠰᠤᠯᠴᠠᠭᠤᠯᠤᠨ᠂ ᠦᠵᠡᠭᠴᠢᠳ ᠲᠤ ᠮᠢᠩᠭᠠᠨ ᠣᠨ ᠤ ᠰᠢᠯᠦᠭ ᠳᠠᠭᠤᠯᠠᠯ ᠢ ᠰᠣᠨᠢᠷᠬᠠᠭᠤᠯᠵᠤ᠂ ᠤᠯᠠᠮᠵᠢᠯᠠᠯᠲᠤ ᠰᠣᠶᠣᠯ ᠳᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠳᠤᠷ᠎ᠠ ᠰᠣᠨᠢᠷᠬᠠᠯ ᠲᠠᠢ ᠪᠠᠶᠢᠬᠤ ᠰᠡᠳᠬᠢᠯᠭᠡ ᠪᠠᠨ ᠢᠯᠡᠳᠬᠡᠵᠡᠢ᠃      ᠠᠵᠢᠯᠯᠠᠭ᠎ᠠ ᠶᠢ ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ︽ᠭᠦᠭᠡᠬᠤᠳᠠ ᠶᠢᠨ ᠣᠶᠤᠨᠴᠢ ᠤᠩᠰᠢᠯᠭ᠎ᠠ︾ ᠪᠠᠷ ᠭᠤᠣᠯ ᠰᠡᠳᠦᠪ ᠪᠤᠯᠭᠠᠵᠤ᠂ ᠤᠮᠠᠷᠠᠲᠤ ᠬᠢᠯᠢ ᠶᠢᠨ ᠰᠣᠶᠣᠯ ᠢ ᠶᠡᠭᠡ ᠪᠠᠷ ᠪᠠᠳᠠᠷᠠᠭᠤᠯᠤᠨ᠂ ︽ᠳᠤᠮᠳᠠᠳᠤ ᠶᠢᠨ ᠭᠢᠯᠪᠠᠭ᠎ᠠ︾ ᠲᠦᠷᠦᠯ ᠲᠡᠮᠳᠡᠭᠲᠦ ᠠᠵᠢᠯᠯᠠᠭ᠎ᠠ ᠶᠢ ᠢᠳᠡᠪᠬᠢᠲᠡᠢ ᠱᠤᠭᠤᠵᠤ᠂ ᠪᠢᠴᠢᠭ ᠤᠨ ᠰᠤᠷᠪᠤᠯᠵᠢᠲᠤ ᠭᠦᠭᠡᠬᠤᠲᠠ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠤᠨ ᠤᠩᠰᠢᠯᠭ᠎ᠠ ᠶᠢᠨ ᠤᠷᠮ᠎ᠠ ᠪᠠᠬ᠎ᠠ ᠪᠠ ᠰᠣᠶᠣᠯ ᠤᠨ ᠬᠡᠪ ᠪᠣᠯᠪᠠᠰᠤᠷᠠᠯ ᠢ ᠤᠯᠠᠮ  ᠳᠡᠭᠡᠭᠰᠢᠯᠡᠭᠦᠯᠭᠦ ᠪᠠᠷ ᠵᠣᠷᠢᠯᠭ᠎ᠠ ᠪᠠᠨ ᠪᠣᠯᠭᠠᠵᠠᠢ᠃      ᠤᠩᠰᠢᠯᠭ᠎ᠠ ᠶᠢᠨ ᠠᠵᠢᠯᠯᠠᠭ᠎ᠠ ᠨᠢ ᠭᠦᠭᠡᠬᠤᠲᠠ ᠶᠢᠨ ᠣᠶᠤᠨᠴᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠡᠭᠡᠷ᠎ᠡ ᠣᠷᠣᠨ ᠵᠠᠢ ᠲᠣᠬᠢᠷᠠᠭᠤᠯᠵᠤ᠂ ᠪᠠᠭᠰᠢ ᠰᠤᠷᠤᠬᠴᠢᠳ ᠺᠤᠮᠫᠢᠦ᠋ᠲ᠋ᠧᠷ ᠪᠠ ᠰᠢᠯᠵᠢᠭᠡ ᠦᠵᠦᠭᠦᠷᠯᠢᠭ ᠢᠶᠠᠷ ᠲᠣᠭᠲᠠᠭᠰᠠᠨ ᠨᠢᠭᠤᠷ ᠲᠤ ᠭᠠᠷᠴᠤ᠂ ᠤᠩᠰᠢᠯᠭ᠎ᠠ ᠶᠢᠨ ᠪᠦᠲᠦᠭᠡᠯ ᠢᠶᠠᠨ ᠳᠠᠮᠵᠢᠭᠤᠯᠵᠤ᠂ ᠤᠩᠰᠢᠯᠭ᠎ᠠ ᠶᠢᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ ᠪᠣᠯᠣᠨ᠎ᠠ᠃ ᠭᠦᠭᠡᠬᠤᠲᠠ ᠶᠢᠨ ᠪᠠᠭᠰᠢ ᠰᠤᠷᠤᠬᠴᠢᠳ ᠤᠨ ᠬᠠᠮᠲᠤ ᠶᠢᠨ ᠤᠩᠰᠢᠯᠭ᠎ᠠ ᠶᠢᠨ ᠠᠵᠢᠯᠯᠠᠭ᠎ᠠ ᠶᠢ 2018 ᠣᠨ ᠠᠴᠠ ᠡᠬᠢᠯᠡᠨ ᠨᠢᠭᠡᠨᠲᠡ ᠵᠢᠷᠭᠤᠭᠠᠨ ᠬᠤᠭᠤᠴᠠᠭ᠎ᠠ ᠠᠮᠵᠢᠯᠲᠠ ᠲᠠᠢ ᠡᠷᠭᠢᠯᠡᠵᠦ᠂ ᠨᠡᠶᠢᠲᠡ 289322 ᠬᠤᠪᠢ ᠨᠣᠮ ᠤᠩᠰᠢᠭᠰᠠᠨ ᠪᠦᠲᠦᠭᠡᠯ ᠢ ᠡᠯᠰᠡᠵᠡᠢ᠃ ᠠᠵᠢᠯᠯᠠᠭ᠎ᠠ ᠳᠤ ᠪᠠᠰᠠ ᠭᠦᠭᠡᠬᠤᠲᠠ ᠶᠢᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠤᠨ ᠬᠠᠮᠲᠤ ᠶᠢᠨ ᠤᠩᠰᠢᠯᠭ᠎ᠠ ᠶᠢᠨ ᠠᠵᠢᠯᠯᠠᠭ᠎ᠠ ᠶᠢᠨ ᠳᠤᠮᠳᠠ ᠰᠢᠯᠢᠳᠡᠭ ᠢᠯᠡᠷᠡᠯ ᠲᠠᠢ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠵᠤ᠂ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠪᠠ ᠨᠣᠮ ᠤᠩᠰᠢᠯᠭ᠎ᠠ ᠶᠢ ᠳᠡᠯᠭᠡᠷᠡᠭᠦᠯᠬᠦ ᠲᠤᠬᠠᠢ ᠲᠤᠷᠰᠢᠯᠭ᠎ᠠ ᠶᠢ ᠬᠤᠪᠢᠶᠠᠯᠴᠠᠪᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ