ᠠᠵᠤ ᠦᠢᠯᠡᠰ ᠵᠢᠭᠠᠨ ᠰᠤᠷᠭᠠᠯᠲᠠ ᠶᠢᠨ ᠠᠭᠤᠰᠤᠯᠴᠠᠯ ᠢ ᠲᠦᠷᠭᠡᠳᠬᠡᠵᠦ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ
ᠨᠡᠶᠢᠲᠡᠯᠡᠭᠰᠡᠨ ᠴᠠᠭ᠄
2025/4/16
 0416.jpg
       ᠣᠶᠢᠷ᠎ᠠ ᠶᠢᠨ ᠵᠢᠯ ᠠᠴᠠ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠪᠦᠲᠦᠴᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ︽ᠠᠵᠤ ᠦᠢᠯᠡᠰ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠵᠠᠬᠢᠶᠠᠯᠠᠭ᠎ᠠ ᠪᠠᠷ ᠬᠥᠮᠦᠵᠢᠭᠦᠯᠬᠦ︾ ᠵᠠᠭᠪᠤᠷ ᠢᠶᠠᠷ ᠳᠠᠮᠵᠢᠭᠤᠯᠤᠨ᠂ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠰᠢᠯᠳᠦ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠬᠦᠮᠦᠵᠢᠭᠦᠯᠪᠠ᠃ ᠡᠶᠢᠮᠦᠷᠬᠦᠦ ᠬᠡᠪ ᠵᠠᠭᠪᠤᠷ ᠳᠣᠣᠷ᠎ᠠ᠂ ᠰᠤᠷᠭᠠᠭᠤᠯᠢ ᠬᠢᠭᠡᠳ ᠠᠵᠤ ᠠᠬᠤᠶᠢᠯᠠᠯ ᠨᠢᠭᠲᠠ ᠬᠠᠮᠲᠤᠷᠠᠯᠴᠠᠵᠤ᠂ ᠠᠵᠤ ᠠᠬᠤᠶᠢᠯᠠᠯ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠢᠴᠢᠶᠡᠯ ᠤᠨ ᠠᠭᠤᠯᠭ᠎ᠠ ᠪᠠ ᠵᠢᠭᠠᠨ ᠰᠤᠷᠭᠠᠬᠤ ᠲᠥᠯᠥᠪᠯᠡᠭᠡ ᠲᠣᠭᠲᠠᠭᠠᠵᠤ᠂ ᠰᠤᠷᠤᠭᠴᠢᠳ ᠤᠨ ᠰᠤᠷᠤᠭᠰᠠᠨ ᠪᠠ ᠠᠵᠢᠯ ᠤᠨ ᠪᠠᠶᠢᠷᠢ ᠶᠢᠨ ᠬᠡᠷᠡᠭᠴᠡᠭᠡ ᠳᠡᠭᠡᠳᠦ ᠬᠡᠮᠵᠢᠶ᠎ᠡ ᠪᠠᠷ ᠨᠡᠶᠢᠴᠡᠬᠦ ᠶᠢ ᠦᠨᠡᠨ ᠬᠦ ᠪᠠᠲᠤᠯᠠᠨ᠎ᠠ᠃ ᠰᠤᠷᠤᠭᠴᠢᠳ ᠰᠤᠷᠭᠠᠭᠤᠯᠢ ᠳᠤ ᠣᠨᠣᠯ ᠤᠨ ᠮᠡᠳᠡᠯᠭᠡ ᠰᠤᠷᠴᠤ ᠴᠢᠳᠠᠬᠤ ᠮᠥᠷᠲᠡᠭᠡᠨ ᠪᠠᠰᠠ ᠠᠵᠤ ᠠᠬᠤᠶᠢᠯᠠᠯ ᠳᠤ ᠳᠠᠳᠤᠯᠭ᠎ᠠ ᠬᠢᠬᠦ ᠳᠤᠮᠳᠠ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠵᠤ᠂ ᠰᠤᠷᠤᠯᠴᠠᠬᠤ ᠪᠠ ᠠᠵᠢᠯ ᠢᠶᠠᠨ ᠨᠢᠭᠲᠠ ᠵᠣᠯᠭᠠᠯᠳᠤᠭᠤᠯᠬᠤ ᠶᠢ ᠪᠡᠶᠡᠯᠡᠭᠦᠯᠵᠦ ᠴᠢᠳᠠᠨ᠎ᠠ᠃ ᠡᠨᠡ ᠬᠦ ᠵᠠᠭᠪᠤᠷ ᠨᠢ ᠰᠤᠷᠤᠭᠴᠢᠳ ᠤᠨ ᠠᠵᠢᠯ ᠤᠯᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠭᠰᠡᠨ ᠮᠥᠷᠲᠡᠭᠡᠨ ᠪᠠᠰᠠ ᠠᠵᠤ ᠠᠬᠤᠶᠢᠯᠠᠯ ᠳᠤ ᠲᠣᠭᠲᠠᠭᠤᠨ ᠴᠢᠳᠠᠪᠤᠷᠢᠲᠠᠨ ᠤ ᠢᠷᠡᠯᠲᠡ ᠬᠠᠩᠭᠠᠵᠤ᠂ ᠰᠤᠷᠭᠠᠨ ᠬᠥᠮᠦᠵᠢᠯ ᠪᠣᠯᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠪᠦᠲᠦᠮᠵᠢᠲᠡᠶ ᠠᠬᠢᠭᠤᠯᠤᠭᠰᠠᠨ ᠪᠠᠶᠢᠨ᠎ᠠ᠃      ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ