ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2025/4/18
ᠪᠦᠦ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠦ  ᠾᠧ ᠬᠠᠢ ᠳ᠋ᠦᠩ ᠼᠦᠢ ᠵᠧᠨ ᠦ᠋ ᠣᠷᠣᠯᠴᠠᠪᠠ      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 17  ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠦᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠭᠡᠰᠢᠭᠦᠳ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠶᠠᠷᠢᠶ᠎ᠠ ᠲᠠᠯᠪᠢᠪᠠ᠃       ᠪᠦᠦ ᠭᠠᠩ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ  ᠤᠨ ᠰᠤᠷᠲᠠᠯ  ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠪᠠᠷ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠬᠤ᠂ ᠶᠣᠰᠣ ᠰᠤᠷᠲᠠᠬᠤᠨ ᠤ ᠪᠣᠯᠪᠠᠰᠤᠷᠠᠯ ᠢ ᠳᠡᠭᠡᠭᠰᠢᠯᠡᠭᠦᠯᠬᠦ᠂ ᠬᠤᠪᠢ ᠬᠥᠮᠥᠨ ᠤ ᠬᠡᠪ ᠴᠢᠨᠠᠷ ᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠵᠠᠮ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠡᠮᠦᠷ  ᠶᠤᠰᠤ ᠬᠠᠲᠠᠭᠤ ᠪᠠᠷᠢᠮᠵᠢᠶ᠎ᠠ ᠪᠣᠯᠭᠠᠵᠤ᠂ ᠵᠤᠷᠪᠤᠰ ᠳᠠᠷᠠᠭᠠᠯᠠᠨ ᠬᠠᠷᠢᠴᠠᠭᠤᠯᠤᠨ᠂ ᠴᠢᠩᠭ᠎ᠠ ᠨᠠᠶᠢᠳᠠᠪᠤᠷᠢᠵᠢᠭᠤᠯᠵᠤ᠂ ᠰᠡᠳᠬᠢᠯ ᠰᠠᠨᠠᠭ᠎ᠠ ᠪᠠ ᠦᠢᠯᠡ ᠠᠵᠢᠯᠯᠠᠭ᠎ᠠ ᠳᠤ ᠪᠠᠨ ᠬᠤᠷᠢᠭ᠎ᠠ ᠲᠠᠢ ᠪᠠᠶᠢᠬᠤ ᠬᠡᠷᠡᠭᠲᠡᠢ᠃ ᠰᠤᠷᠲᠠᠯ ᠢᠯᠵᠢᠷᠡᠯ ᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠶᠢ ᠭᠦᠨᠵᠡᠭᠡᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠠᠰᠠᠭᠤᠳᠠᠯ ᠢ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠶᠢᠨ ᠭᠤᠣᠯᠳᠠᠯᠭ᠎ᠠ ᠪᠣᠯᠭᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠦᠨᠳᠦᠰᠦᠨ ᠱᠠᠲᠤᠨ ᠤ ︽ᠤᠨᠤᠭ᠎ᠠ ᠮᠠᠭᠤ ᠠᠴᠢᠶ᠎ᠠ ᠬᠦᠨᠳᠦ︾ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠳᠦᠷᠪᠡᠨ ᠬᠡᠯᠪᠡᠷᠢ ᠶᠢ ᠰᠠᠶᠢᠲᠤᠷ ᠬᠡᠷᠡᠭᠯᠡᠬᠦ ᠬᠡᠷᠡᠭᠲᠡᠢ᠃ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠤᠶᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠴᠢᠩᠭᠠᠳᠬᠠᠵᠤ᠂ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠰᠢᠯᠢᠳᠡᠭ ᠰᠤᠷᠲᠠᠯ ᠢᠶᠠᠷ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠬᠤᠳᠠ ᠶᠢᠨ ᠦᠷᠨᠢᠭᠦᠯᠵᠦ ᠪᠠᠶᠢᠭ᠎ᠠ ︽ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ︾ ᠲᠤᠰᠬᠠᠢ ᠠᠵᠢᠯᠯᠠᠭ᠎ᠠ ᠲᠠᠢ ᠤᠶᠠᠯᠳᠤᠭᠤᠯᠵᠤ᠂ ᠠᠰᠠᠭᠤᠳᠠᠯ ᠳᠤ ᠰᠢᠭᠤᠳ ᠬᠠᠨᠳᠤᠵᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠡᠯ᠎ᠡ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠳ ᠰᠠᠶᠢᠲᠤᠷ ᠥᠯᠢᠭᠡᠷ ᠳᠠᠭᠤᠷᠢᠶᠠᠯ ᠪᠣᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠲᠠᠢ ᠬᠠᠷᠢᠴᠠᠭᠤᠯᠤᠨ ᠲᠦᠷᠦᠭᠦᠯᠡᠨ ᠰᠤᠷᠤᠯᠴᠠᠵᠤ ᠲᠦᠷᠦᠭᠦᠯᠡᠨ ᠪᠠᠶᠢᠴᠠᠭᠠᠵᠤ ᠲᠦᠷᠦᠭᠦᠯᠡᠨ ᠥᠭᠡᠷᠡᠴᠢᠯᠡᠵᠦ᠂ ᠪᠥᠬᠦ ᠬᠤᠲᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠰᠤᠷᠲᠠᠯ ᠢᠶᠠᠨ ᠬᠤᠪᠢᠷᠠᠭᠤᠯᠵᠤ ᠰᠢᠨ᠎ᠡ ᠰᠤᠷᠲᠠᠯ ᠢ ᠪᠣᠶ ᠪᠣᠯᠭᠠᠬᠤ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ