︵ᠰᠤᠷᠪᠤᠯᠵᠢᠯᠠᠭᠴᠢ ᠰᠦᠨ ᠶᠤᠸᠠᠢ ᠯᠦᠩ︶ 4 ᠳ᠋ᠦ᠋ᠭᠡᠷ ᠰᠠᠷ᠎ᠠ ᠶᠢᠨ 17 ᠤ ᠡᠳᠦᠷ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠨᠢ ᠲᠢᠶᠠᠨᠵᠢᠨ ᠤ ᠾᠧ ᠱᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠨᠡᠶᠢᠯᠡᠮᠡᠯ ᠠᠮᠢᠳᠤ ᠪᠣᠳᠠᠰ ᠤᠨ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ | ᠥᠷᠨᠢᠭᠦᠯᠵᠦ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠲᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ ᠪᠤᠯᠤᠨ᠎ᠠ᠃ | ᠬᠤᠶᠠᠷ ᠲᠠᠯ᠎ᠠ ᠪᠠᠷ ᠢᠶᠠᠨ ᠬᠤᠶᠠᠷ ᠶᠡᠭᠡ ᠭᠤᠣᠯ ᠪᠣᠯᠬᠤ ᠲᠦᠷᠦᠯ ᠵᠦᠢᠯ ᠢ ᠠᠬᠢᠭᠤᠯᠬᠤ ᠪᠠᠷ ᠲᠣᠭᠲᠠᠵᠠᠢ᠄ ᠨᠢᠭᠡ ᠨᠢ ᠶᠡᠷᠦᠩᠬᠡᠢ ᠪᠡᠯᠡ ᠣᠷᠣᠭᠤᠯᠤᠯᠲᠠ | 1.6 ᠳ᠋ᠦᠩᠰᠢᠭᠤᠷ ᠲᠥᠭᠦᠷᠢᠭ ᠣᠷᠣᠭᠤᠯᠵᠤ᠂ ᠵᠢᠯ ᠳᠤ 500 ᠲᠣᠨ ᠡᠬᠡ ᠶᠢᠨ ᠰᠦ ᠶᠢᠨ ᠴᠥᠭᠡᠨ ᠰᠢᠬᠢᠷ HMOs ᠤᠨ ᠦᠢᠯᠡᠳᠪᠦᠷᠢᠯᠡᠯ ᠤᠨ | ᠰᠠᠭᠤᠷᠢᠨ ᠢ ᠪᠠᠶᠢᠭᠤᠯᠵᠤ᠂ ᠦᠢᠯᠡᠳᠪᠦᠷᠢᠯᠡᠯ ᠳᠤ ᠣᠷᠣᠭᠰᠠᠨ ᠤ ᠳᠠᠷᠠᠭᠠᠬᠢ ᠵᠢᠯ ᠤᠨ ᠦᠢᠯᠡᠳᠬᠦᠨ ᠤ ᠦᠷᠳᠡᠭ ᠨᠢ ᠪᠠᠷᠤᠭ 3 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠳᠤ ᠪᠠᠷᠤᠭ1500 ᠲᠦᠮᠡᠨ ᠲᠥᠭᠦᠷᠢᠭ ᠤᠨ ᠭᠠᠶᠢᠯᠢ ᠲᠤᠰᠢᠶᠠᠨ᠎ᠠ᠃ ᠬᠤᠶᠠᠷ ᠨᠢ ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠬᠤᠰᠢᠭᠤᠷᠠᠯ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠲᠦᠷᠦᠯ ᠵᠦᠢᠯ ᠢ ᠬᠠᠮᠲᠤᠷᠠᠨ ᠪᠠᠶᠢᠭᠤᠯᠵᠤ᠂ ᠲᠢᠶᠠᠨᠵᠢᠨ ᠤ ᠾᠧ ᠱᠧᠩ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠨᠠᠨ ᠺᠠᠢ ᠶᠡᠭᠡ ᠰᠤᠷᠭᠠᠭᠤᠯᠢ ᠲᠠᠢ ᠬᠠᠮᠲᠤᠷᠠᠨ ᠠᠺᠠᠳᠧᠮᠢᠴᠢ᠂ ︽ᠴᠠᠩᠵᠢᠶᠠᠩ ᠤᠨ ᠡᠷᠳᠡᠮᠲᠡᠨ︾ ᠵᠡᠷᠭᠡ | ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢ ᠠᠭᠤᠰᠤᠯᠴᠠᠭᠤᠯᠬᠤ ᠲᠠᠪᠴᠠᠩ ᠢ ᠪᠠᠶᠢᠭᠤᠯᠵᠤ᠂ ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠦᠷ᠎ᠡ ᠪᠦᠲᠦᠭᠡᠯ ᠢ | ᠤᠯᠠᠷᠢᠭᠤᠯᠬᠤ ᠪᠠ ᠪᠦᠭᠡᠮᠨᠡᠷᠡᠨ ᠬᠦᠭᠵᠢᠬᠦ ᠶᠢ ᠠᠬᠢᠭᠤᠯᠤᠨ᠎ᠠ᠃ | ᠲᠣᠰ ᠤᠳᠠᠭᠠᠨ ᠤ ᠬᠠᠮᠲᠤᠷᠠᠯᠴᠠᠭ᠎ᠠ ᠪᠣᠯ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠤᠨ ᠪᠦᠭᠡᠮᠨᠡᠷᠡᠯ ᠤᠨ ᠳᠠᠪᠠᠭᠤᠯᠢᠭ ᠲᠤ ᠲᠦᠰᠢᠭᠯᠡᠨ᠂ ᠨᠡᠶᠢᠯᠡᠮᠡᠯ ᠠᠮᠢᠳᠤ ᠪᠣᠳᠠᠰ ᠤᠨ ᠤᠷᠤᠯᠳᠤᠭᠠᠨ ᠤ ᠵᠠᠮ ᠢ ᠪᠠᠷᠠᠯᠠᠨ ᠪᠠᠶᠢᠷᠢᠯᠠᠭᠤᠯᠬᠤ ᠴᠢᠬᠤᠯᠠ | ᠠᠷᠭ᠎ᠠ ᠬᠡᠮᠵᠢᠶ᠎ᠡ ᠮᠥᠨ᠃ ︽ᠰᠤᠳᠤᠯᠭᠠᠨ ᠤ ᠬᠦᠷᠢᠶᠡᠯᠡᠩ + ᠦᠢᠯᠡᠳᠪᠦᠷᠢᠯᠡᠯ ᠤᠨ ᠰᠠᠭᠤᠷᠢᠨ ᠭᠠᠵᠠᠷ︾ ᠤᠨ ᠬᠤᠣᠰ ᠬᠥᠳᠡᠯᠭᠡᠭᠦᠷ ᠢᠶᠠᠷ᠂ ᠬᠤᠶᠠᠷ | ᠲᠠᠯ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠠᠴᠠ ᠠᠵᠤ ᠦᠢᠯᠡᠰ ᠢ ᠨᠠᠶᠢᠳᠠᠪᠤᠷᠢᠵᠢᠭᠤᠯᠬᠤ ᠬᠦᠷᠲᠡᠯᠡᠬᠢ ᠪᠦᠬᠦ ᠬᠡᠯᠬᠢᠶ᠎ᠡ ᠶᠢᠨ ᠠᠮᠢ ᠠᠬᠤᠢ ᠶᠢ ᠪᠠᠶᠢᠭᠤᠯᠵᠤ᠂ | ︽ᠢᠳᠡᠭᠡᠨ ᠤ ᠵᠦᠢᠯ᠂ ᠡᠮᠨᠡᠯᠭᠡ᠂ ᠭᠤᠸᠠᠵᠢᠭᠤᠯᠬᠤ᠂ ᠠᠮᠤᠷ ᠲᠦᠪᠰᠢᠨ︾ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠴᠢᠨᠠᠷ ᠰᠠᠶᠢᠲᠠᠢ | ᠪᠦᠲᠦᠭᠡᠭᠳᠡᠬᠦᠨ ᠬᠠᠩᠭᠠᠵᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠬᠥᠲᠥᠯᠥᠨ ᠳᠠᠭᠠᠭᠤᠯᠬᠤ ᠲᠣᠭᠤᠷᠢᠭ ᠪᠠᠶᠢᠭᠤᠯᠬᠤ ᠳᠤ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠠᠵᠤ ᠠᠬᠤᠢ ᠶᠢᠨ ᠨᠡᠶᠢᠯᠡᠮᠡᠯ ᠠᠮᠢᠳᠤ ᠪᠣᠳᠠᠰ ᠤᠨ | ᠬᠦᠷᠢᠶᠡᠨ ᠳᠠᠬᠢ ᠰᠢᠪᠲᠤᠯᠤᠯᠲᠠ ᠶᠢ ᠠᠬᠢᠭᠤᠯᠵᠤ᠂ ︽ᠠᠵᠤ ᠦᠢᠯᠡᠰ᠂ ᠵᠢᠭᠠᠨ ᠰᠤᠷᠭᠠᠯᠲᠠ᠂ ᠰᠤᠳᠤᠯᠭ᠎ᠠ᠂ ᠬᠡᠷᠡᠭᠯᠡᠭᠡ︾ ᠬᠠᠮᠲᠤ ᠪᠠᠷ ᠬᠥᠭᠵᠢᠭᠰᠡᠨ ᠰᠢᠨ᠎ᠡ | ᠬᠡᠪ ᠳᠠᠭᠤᠷᠢᠶᠠᠯ ᠢ ᠪᠤᠢ ᠪᠣᠯᠭᠠᠨ᠎ᠠ᠃ |