ᠨᠠᠰᠤᠨ ᠳᠤ ᠭᠦᠷᠦᠭᠰᠡᠳ ᠤᠨ ᠬᠡᠪ ᠤᠨ ᠪᠡᠶ᠎ᠡ ᠶᠢᠨ ᠬᠦᠨᠳᠦ ᠶᠢ ᠳᠡᠯᠡᠬᠡᠢ ᠳᠡᠭᠡᠷ᠎ᠡ ᠬᠡᠷᠡᠭᠯᠡᠵᠦ ᠪᠠᠶᠢᠭ᠎ᠠ ᠪᠡᠶ᠎ᠡ ᠮᠠᠬᠠᠪᠤᠳ ᠤᠨ ᠢᠯᠡᠳᠬᠡᠭᠴᠢ ︵BMI︶ | ᠪᠠᠷ ᠬᠡᠮᠵᠢᠵᠦ ᠪᠣᠯᠣᠨ᠎ᠠ᠃ BMI ᠶᠢᠨ ᠪᠤᠳᠤᠬᠤ ᠠᠷᠭ᠎ᠠ ᠪᠣᠯ ᠪᠡᠶ᠎ᠡ ᠶᠢᠨ ᠬᠦᠨᠳᠦ ︵ᠺᠢᠯᠦᠭᠷᠡᠮ︶ ᠪᠠᠨ ᠪᠡᠶ᠎ᠡ ᠶᠢᠨ ᠥᠨᠳᠥᠷ ︵ᠮᠸᠲᠷ︶ ᠤᠨ ᠺᠦᠸᠠᠳ᠋ ᠢᠶᠠᠷ | ᠬᠤᠪᠢᠶᠠᠨ᠎ᠠ᠃ ᠮᠠᠨ ᠤ ᠤᠯᠤᠰ ᠤᠨ ᠨᠠᠰᠤᠨ ᠳᠤ ᠭᠦᠷᠦᠭᠰᠡᠳ ᠤᠨ ᠬᠡᠪ ᠤᠨ ᠪᠡᠶ᠎ᠡ ᠶᠢᠨ ᠬᠦᠨᠳᠦ BMI ᠶᠢᠨ ᠬᠡᠪᠴᠢᠶ᠎ᠡ 18.5 -23.9 ᠺᠢᠯᠦᠭᠷᠡᠮ \ | ᠺᠦᠸᠠᠳ᠋ ᠮᠸᠲᠷ᠂ BMI ᠨᠢ 24 - 27.9 ᠺᠢᠯᠦᠭᠷᠡᠮ \ ᠺᠦᠸᠠᠳ᠋ ᠮᠸᠲᠷ ᠪᠣᠯᠪᠠᠯ ᠭᠡᠳᠤ ᠬᠦᠨᠳᠦ ᠪᠣᠯᠵᠤ᠂ 28 ᠺᠢᠯᠦᠭᠷᠡᠮ \ ᠺᠦᠸᠠᠳ᠋ ᠮᠸᠲᠷ ᠲᠠᠢ | ᠲᠡᠩᠴᠡᠭᠦᠦ ᠪᠤᠶᠤ ᠶᠡᠭᠡ ᠪᠣᠯᠪᠠᠯ ᠮᠠᠷᠢᠶᠠᠯᠢᠭ ᠲᠤ ᠲᠣᠭᠠᠴᠢᠭᠳᠠᠨ᠎ᠠ᠃ ᠪᠠᠭᠠᠴᠤᠳ ᠬᠡᠦᠬᠡᠳ ᠤᠨ ᠬᠡᠪ ᠤᠨ ᠪᠡᠶ᠎ᠡ ᠶᠢᠨ ᠬᠦᠨᠳᠦ ᠶᠢᠨ ᠪᠠᠷᠢᠮᠵᠢᠶ᠎ᠠ ᠶᠢ ᠨᠠᠰᠤᠨ ᠳᠤ | ᠭᠦᠷᠦᠭᠰᠡᠳ ᠤᠨ ᠬᠢ ᠪᠠᠷ ᠬᠡᠮᠵᠢᠵᠦ ᠪᠤᠯᠬᠤ ᠦᠭᠡᠢ᠂ ᠲᠠᠳᠡᠨ ᠤ ᠪᠤᠶᠢᠵᠢᠯᠳᠠ ᠶᠢᠨ ᠶᠠᠪᠤᠴᠠ ᠳᠤᠮᠳᠠᠬᠢ ᠪᠡᠶ᠎ᠡ ᠶᠢᠨ ᠥᠨᠳᠥᠷ ᠪᠣᠯᠣᠨ ᠪᠡᠶ᠎ᠡ ᠶᠢᠨ ᠬᠦᠨᠳᠦ ᠶᠢᠨ | ᠬᠤᠪᠢᠷᠠᠯᠲᠠ ᠶᠢᠨ ᠣᠨᠴᠠᠯᠢᠭ ᠢ ᠪᠣᠳᠣᠯᠬᠢᠯᠠᠬᠤ ᠬᠡᠷᠡᠭᠲᠡᠢ᠃ | | | | | ᠪᠡᠶ᠎ᠡ ᠶᠢᠨ ᠬᠦᠨᠳᠦ ᠨᠢ ᠬᠡᠪ ᠤᠨ ᠬᠡᠪᠴᠢᠶᠡᠨ ᠳᠣᠲᠣᠷ᠎ᠠ ᠪᠠᠶᠢᠬᠤ ᠬᠥᠮᠥᠨ ᠤ ᠡᠪᠡᠳᠴᠢᠨ ᠣᠯᠬᠤ ᠨᠤᠷᠮ᠎ᠠ ᠨᠢ ᠡᠴᠡᠩᠬᠡᠢ ᠪᠤᠶᠤ ᠭᠡᠳᠤ ᠬᠦᠨᠳᠦ᠂ | ᠲᠠᠷᠭᠤᠨ ᠬᠥᠮᠥᠨ ᠠᠴᠠ ᠳᠣᠣᠷ᠎ᠠ ᠪᠠᠶᠢᠳᠠᠭ᠃ ᠪᠡᠶ᠎ᠡ ᠶᠢᠨ ᠬᠦᠨᠳᠦ ᠨᠢ ᠬᠡᠲᠦᠷᠬᠡᠢ ᠬᠥᠩᠭᠡᠨ ᠪᠤᠶᠤ ᠭᠡᠳᠤ ᠬᠦᠨᠳᠦ ᠨᠢ ᠪᠦᠷ ᠡᠷᠡᠭᠦᠯ ᠮᠠᠨᠳᠤ ᠳᠤ ᠠᠰᠢᠭ ᠦᠭᠡᠢ᠃ | ᠪᠡᠶ᠎ᠡ ᠶᠢᠨ ᠬᠦᠨᠳᠦ ᠬᠡᠲᠦᠷᠬᠡᠢ ᠬᠥᠩᠭᠡᠨ ᠨᠢ ᠰᠢᠮ᠎ᠡ ᠲᠡᠵᠢᠭᠡᠯ ᠲᠤᠲᠠᠭᠳᠠᠵᠤ ᠪᠠᠶᠢᠬᠤ ᠶᠢ ᠢᠯᠡᠷᠡᠭᠦᠯᠵᠦ᠂ ᠪᠠᠭᠠᠴᠤᠳ ᠬᠡᠦᠬᠡᠳ ᠤᠨ ᠪᠡᠶ᠎ᠡ ᠮᠠᠬᠠᠪᠤᠳ ᠪᠠ | ᠤᠶᠤᠨ ᠤ ᠬᠥᠭᠵᠢᠯᠲᠡ ᠶᠢ ᠨᠥᠯᠥᠭᠡᠯᠡᠳᠡᠭ᠃ ᠨᠠᠰᠤᠨ ᠳᠤ ᠭᠦᠷᠦᠭᠰᠡᠳ ᠤᠨ ᠪᠡᠶ᠎ᠡ ᠶᠢᠨ ᠬᠦᠨᠳᠦ ᠬᠡᠲᠦᠷᠬᠡᠢ ᠬᠥᠩᠭᠡᠨ ᠪᠣᠯᠪᠠᠯ ᠭᠦᠳᠡᠯᠮᠤᠷᠢ ᠶᠢᠨ ᠴᠢᠳᠠᠪᠤᠷᠢ | ᠳᠣᠷᠣᠭᠰᠢᠯᠠᠬᠤ᠂ ᠶᠠᠰᠤᠨ ᠤ ᠬᠡᠮᠵᠢᠶ᠎ᠡ ᠠᠯᠳᠠᠭᠳᠠᠬᠤ᠂ ᠶᠠᠰᠤ ᠪᠡᠷᠲᠡᠬᠦ᠂ ᠬᠤᠳᠣᠭᠤᠳᠤ ᠭᠡᠳᠡᠰᠦᠨ ᠤ ᠠᠵᠢᠯᠯᠠᠭ᠎ᠠ ᠰᠠᠮᠠᠭᠤᠷᠠᠬᠤ᠂ ᠡᠭᠡᠯᠢᠯᠡᠭᠡ ᠶᠢᠨ ᠴᠢᠳᠠᠯ | ᠳᠣᠷᠣᠭᠰᠢᠯᠠᠬᠤ᠂ ᠴᠢᠰᠤ ᠳᠤᠲᠠᠬᠤ᠂ ᠭᠠᠩᠰᠠᠷᠠᠬᠤ ᠭᠡᠮ ᠲᠠᠢ ᠪᠤᠯᠬᠤ ᠵᠡᠷᠭᠡ ᠤᠯᠠᠨ ᠲᠠᠯ᠎ᠠ ᠶᠢᠨ ᠡᠪᠡᠳᠴᠢᠨ ᠤ ᠢᠯᠡᠷᠡᠯ ᠭᠠᠷᠤᠨ᠎ᠠ᠃ ᠭᠡᠳᠤ ᠬᠦᠨᠳᠦ ᠪᠠ ᠮᠠᠷᠢᠶ᠎ᠠ | ᠲᠠᠢ ᠪᠤᠯᠬᠤ ᠨᠢ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠭᠦᠰᠬᠦ ᠨᠤᠷᠮ᠎ᠠ ᠶᠢ ᠢᠯᠡᠳᠲᠡ ᠨᠡᠮᠡᠭᠳᠡᠭᠦᠯᠳᠡᠭ᠂ | ᠮᠠᠷᠢᠶ᠎ᠠ ᠲᠠᠢ ᠬᠥᠮᠥᠨ ᠪᠠᠰᠠ ᠶᠠᠰᠤᠨ ᠤ ᠦᠶ᠎ᠡ ᠭᠡᠰᠢᠭᠦᠦ ᠶᠢᠨ ᠡᠪᠡᠳᠴᠢᠨ᠂ ᠥᠭᠡᠬᠦᠯᠡᠭᠰᠡᠨ ᠡᠯᠢᠭᠡ᠂ ᠰᠥᠰᠥ ᠴᠢᠯᠠᠭᠤᠵᠢᠬᠤ ᠡᠪᠡᠳᠴᠢᠨ᠂ ᠲᠤᠯᠠᠢ ᠡᠪᠡᠳᠴᠢᠨ᠂ | ᠪᠥᠭᠯᠡᠷᠡᠯ ᠤᠨ ᠴᠢᠨᠠᠷᠲᠠᠢ ᠤᠨᠲᠠᠯᠭ᠎ᠠ ᠶᠢᠨ ᠠᠮᠢᠰᠬᠤᠭ᠎ᠠ ᠲᠦᠷ ᠵᠤᠬᠰᠤᠬᠤ ᠨᠡᠶᠢᠯᠡᠭ ᠭᠡᠮ᠂ ᠳᠣᠲᠣᠭᠠᠳᠤ ᠰᠢᠭᠦᠷᠡᠯ ᠰᠠᠮᠠᠭᠤᠷᠠᠬᠤ ᠵᠡᠷᠭᠡ ᠡᠪᠡᠳᠴᠢᠨ ᠢ ᠠᠮᠠᠷᠬᠠᠨ | ᠣᠯᠣᠨ᠎ᠠ᠃ | ᠢᠳᠡᠰᠢ ᠶᠢᠨ ᠬᠡᠮᠵᠢᠶ᠎ᠡ ᠪᠠ ᠬᠥᠳᠡᠯᠭᠡᠭᠡᠨ ᠬᠢᠬᠦ ᠪᠣᠯ ᠬᠡᠪ ᠤᠨ ᠪᠡᠶ᠎ᠡ ᠶᠢᠨ ᠬᠦᠨᠳᠦ ᠶᠢ ᠪᠠᠲᠤᠯᠠᠬᠤ ᠬᠤᠶᠠᠷ ᠭᠤᠣᠯ ᠡᠯᠧᠮᠧᠨ᠋ᠲ ᠮᠥᠨ᠃ ᠢᠳᠡᠰᠢ ᠨᠢ | ᠬᠥᠮᠥᠨ ᠤ ᠪᠡᠶ᠎ᠡ ᠳᠤ ᠡᠨᠧᠷᠭᠢ ᠬᠠᠩᠭᠠᠵᠤ᠂ ᠬᠥᠳᠡᠯᠭᠡᠭᠡᠨ ᠬᠢᠬᠦ ᠨᠢ ᠡᠨᠧᠷᠭᠢ ᠶᠢ ᠬᠤᠷᠣᠭᠳᠠᠭᠤᠯᠤᠨ᠎ᠠ᠃ ᠬᠡᠷᠪᠡ ᠢᠳᠡᠰᠢ ᠶᠢᠨ ᠬᠡᠮᠵᠢᠶ᠎ᠡ ᠠᠷᠪᠢᠳᠴᠤ | ᠬᠥᠳᠡᠯᠭᠡᠭᠡᠨ ᠬᠢᠬᠦ ᠬᠡᠮᠵᠢᠶ᠎ᠡ ᠭᠦᠢᠴᠡᠳ ᠦᠭᠡᠢ ᠪᠣᠯ ᠦᠯᠡᠳᠡᠭᠳᠡᠯ ᠡᠨᠧᠷᠭᠢ ᠨᠢ ᠬᠥᠮᠥᠨ ᠤ ᠪᠡᠶ᠎ᠡ ᠳᠣᠲᠣᠷ᠎ᠠ ᠥᠭᠡᠬᠦ ᠶᠢᠨ ᠭᠡᠯᠪᠡᠷᠢ ᠪᠠᠷ ᠬᠠᠳᠠᠭᠠᠯᠠᠭᠳᠠᠨ ᠪᠡᠶ᠎ᠡ | ᠶᠢᠨ ᠬᠦᠨᠳᠦ ᠶᠢ ᠨᠡᠮᠡᠭᠳᠡᠭᠦᠯᠵᠦ ᠭᠡᠳᠤ ᠬᠦᠨᠳᠦ ᠪᠤᠶᠤ ᠮᠠᠷᠢᠶ᠎ᠠ ᠲᠠᠢ ᠪᠣᠯᠭᠠᠨ᠎ᠠ᠃ ᠡᠰᠡᠷᠭᠦ ᠪᠠᠷ ᠬᠡᠷᠪᠡ ᠢᠳᠡᠰᠢ ᠶᠢᠨ ᠬᠡᠮᠵᠢᠶ᠎ᠡ ᠬᠦᠷᠦᠯᠴᠡᠬᠦ ᠦᠭᠡᠢ ᠪᠣᠯ ᠡᠨᠧᠷᠭᠢ | ᠭᠦᠢᠴᠡᠳ ᠦᠭᠡᠢ ᠠᠴᠠ ᠪᠣᠯᠵᠤ ᠬᠡᠲᠦᠷᠬᠡᠢ ᠬᠥᠩᠭᠡᠨ ᠪᠤᠶᠤ ᠡᠴᠡᠩᠬᠡᠢ ᠪᠣᠯᠭᠠᠨ᠎ᠠ᠃ ᠡᠶᠢᠮᠦ ᠠᠴᠠ ᠢᠳᠡᠰᠢ ᠶᠢᠨ ᠬᠡᠮᠵᠢᠶ᠎ᠡ ᠪᠠ ᠬᠥᠳᠡᠯᠭᠡᠭᠡᠨ ᠬᠢᠬᠦ ᠬᠡᠮᠵᠢᠶ᠎ᠡ ᠪᠠᠨ | ᠲᠡᠩᠴᠡᠭᠦᠷᠢᠲᠡᠢ ᠪᠠᠶᠢᠯᠭᠠᠵᠤ ᠤᠯᠠᠨ ᠵᠦᠢᠯ ᠤᠨ ᠢᠳᠡᠭᠡᠨ ᠤ ᠬᠠᠩᠭᠠᠭᠰᠠᠨ ᠡᠨᠧᠷᠭᠢ ᠨᠢ ᠪᠡᠶ᠎ᠡ ᠮᠠᠬᠠᠪᠤᠳ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ | ᠪᠡᠶ᠎ᠡ ᠳᠤ ᠦᠯᠡᠳᠡᠬᠦ ᠦᠭᠡᠢ ᠪᠠᠶᠢᠬᠤ ᠶᠢ ᠪᠠᠲᠤᠯᠠᠪᠠᠯ ᠵᠣᠬᠢᠨ᠎ᠠ᠃ ᠢᠩᠭᠢᠪᠡᠯ ᠰᠠᠶ᠋ᠢ ᠪᠡᠶ᠎ᠡ ᠶᠢᠨ ᠬᠦᠨᠳᠦ ᠶᠢ ᠲᠣᠬᠢᠷᠠᠮᠵᠢᠲᠠᠢ ᠬᠡᠪᠴᠢᠶᠡᠨ ᠳᠣᠲᠣᠷ᠎ᠠ ᠬᠢᠵᠠᠭᠠᠷᠯᠠᠵᠤ | ᠴᠢᠳᠠᠨ᠎ᠠ᠃ | | | | | ᠡᠩ ᠤᠨ ᠪᠠᠶᠢᠳᠠᠯ ᠳᠤ ᠬᠤᠭᠤᠯᠠᠨ ᠤ ᠳᠤᠷᠠᠰᠢᠯ ᠨᠢ ᠢᠳᠡᠰᠢ ᠶᠢᠨ ᠬᠡᠮᠵᠢᠶ᠎ᠡ ᠶᠢ ᠪᠦᠳᠤᠮᠵᠢᠳᠡᠢ ᠬᠢᠵᠠᠭᠠᠷᠯᠠᠵᠤ ᠬᠡᠪ ᠤᠨ ᠪᠡᠶ᠎ᠡ ᠶᠢᠨ ᠬᠦᠨᠳᠦ ᠶᠢ | ᠪᠠᠲᠤᠯᠠᠵᠤ ᠴᠢᠳᠠᠨ᠎ᠠ᠃ ᠵᠠᠷᠢᠮ ᠬᠥᠮᠥᠨ ᠤ ᠬᠤᠭᠤᠯᠠᠨ ᠤ ᠳᠤᠷᠠᠰᠢᠯ ᠤᠨ ᠲᠣᠬᠢᠷᠠᠭᠤᠯᠤᠯᠲᠠ ᠰᠡᠷᠭᠡᠭ ᠪᠢᠰᠢ ᠪᠠᠶᠢᠵᠤ᠂ ᠬᠤᠭᠤᠯᠠᠨ ᠤ ᠳᠤᠷᠠᠰᠢᠯ ᠢ ᠬᠠᠩᠭᠠᠬᠤ | ᠢᠳᠡᠰᠢ ᠶᠢᠨ ᠬᠡᠮᠵᠢᠶ᠎ᠡ ᠶᠡᠷᠦ ᠳᠡᠭᠡᠨ ᠪᠣᠳᠠᠲᠤ ᠬᠡᠷᠡᠭᠴᠡᠭᠡ ᠠᠴᠠ ᠳᠠᠪᠠᠵᠤ ᠪᠠᠶᠢᠳᠠᠭ᠃ ᠬᠡᠲᠦᠷᠬᠡᠢ ᠠᠷᠪᠢᠨ ᠡᠨᠧᠷᠭᠢ ᠨᠢ ᠪᠡᠶ᠎ᠡ ᠶᠢᠨ ᠬᠦᠨᠳᠦ ᠶᠢ ᠨᠡᠮᠡᠭᠳᠡᠭᠦᠯᠬᠦ | ᠲᠤᠯᠠ ᠴᠠᠭ ᠤᠨ ᠬᠤᠭᠤᠯᠠ ᠪᠠᠨ ᠬᠡᠲᠦᠷᠬᠡᠢ ᠴᠠᠳᠲᠠᠯ᠎ᠠ ᠢᠳᠡᠵᠦ ᠪᠤᠯᠬᠤ ᠦᠭᠡᠢ᠃ ᠡᠳᠦᠷ ᠪᠦᠷᠢ ᠨᠢᠭᠡ ᠠᠮᠠ ᠢᠯᠡᠭᠦᠦ ᠢᠳᠡᠬᠦ ᠨᠢ ᠴᠠᠭ ᠤᠨ ᠤᠳᠠᠭᠠᠨ ᠳᠤ | ᠪᠡᠶ᠎ᠡ ᠶᠢᠨ ᠬᠦᠨᠳᠦ ᠶᠢ ᠨᠡᠮᠡᠭᠳᠡᠭᠦᠯᠦᠨ᠎ᠡ᠃ ᠡᠶᠢᠮᠦ ᠠᠴᠠ ᠡᠳᠦᠷ ᠳᠤᠳᠤᠮ ᠤᠨ ᠠᠮᠢᠳᠤᠷᠠᠯ ᠳᠤᠮᠳᠠ᠄ ᠨᠢᠭᠡ᠂ ᠴᠠᠭ ᠤᠨ ᠬᠤᠭᠤᠯᠠ ᠶᠢ ᠬᠡᠲᠦᠷᠬᠡᠢ ᠴᠠᠳᠲᠠᠯ᠎ᠠ | ᠢᠳᠡᠵᠦ ᠪᠤᠯᠬᠤ ᠦᠭᠡᠢ; ᠬᠤᠶᠠᠷ᠂ ᠬᠤᠭᠤᠯᠠ ᠪᠤᠳᠠᠭᠠᠨ ᠤ ᠠᠷᠢᠯᠭᠠᠭᠴᠢ ᠪᠠᠶᠢᠵᠤ ᠪᠤᠯᠬᠤ ᠦᠭᠡᠢ᠂ ᠵᠠᠷᠢᠮ ᠬᠥᠮᠥᠨ ᠴᠠᠳᠲᠠᠯ᠎ᠠ ᠢᠳᠡᠭᠰᠡᠨ ᠤ ᠪᠠᠨ ᠲᠠᠷᠠᠭ᠎ᠠ | ᠪᠠᠰᠠ ᠵᠠᠷᠢᠮ ᠦᠯᠡᠳᠡᠭᠳᠡᠯ ᠬᠤᠭᠤᠯᠠ ᠶᠢ ᠴᠡᠪᠡᠷᠯᠡᠨ ᠢᠳᠡᠳᠡᠭ᠃ ᠡᠨᠡ ᠨᠢ ᠡᠳᠦᠷ ᠤᠨ ᠤᠳᠠᠭᠠᠨ ᠳᠠᠭᠠᠨ ᠡᠨᠧᠷᠭᠢ ᠶᠢᠨ ᠤᠷᠤᠭᠤᠯᠤᠯᠳᠠ ᠶᠢ ᠨᠡᠮᠡᠭᠳᠡᠭᠦᠯᠤᠨ᠎ᠠ; | ᠭᠤᠷᠪᠠ᠂ ᠦᠷᠭᠦᠯᠵᠢ ᠭᠠᠳᠠᠨ᠎ᠠ ᠬᠤᠭᠤᠯᠠᠯᠠᠪᠠᠯ ᠠᠰᠢᠭ ᠦᠭᠡᠢ; ᠳᠥᠷᠪᠡ᠂ ᠰᠤᠯᠠ ᠢᠳᠡᠭᠡᠨ ᠢ ᠤᠯᠠᠨ ᠢᠳᠡᠵᠦ ᠪᠤᠯᠬᠤ ᠦᠭᠡᠢ; ᠲᠠᠪᠤ᠂ ᠭᠠᠷᠠᠭ ᠲᠤ | ᠨᠢᠭᠡ ᠤᠳᠠᠭ᠎ᠠ ᠪᠡᠶ᠎ᠡ ᠶᠢᠨ ᠬᠦᠨᠳᠦ ᠪᠠᠨ ᠬᠡᠮᠵᠢᠨ᠎ᠡ᠃ | ᠪᠡᠶ᠎ᠡ ᠮᠠᠬᠠᠪᠤᠳ ᠤᠨ ᠬᠥᠳᠡᠯᠭᠡᠭᠡᠨ ᠭᠡᠳᠡᠭ ᠪᠣᠯ ᠡᠳᠦᠷ ᠳᠤᠳᠤᠮ ᠤᠨ ᠠᠵᠢᠯ ᠠᠮᠢᠳᠤᠷᠠᠯ᠂ ᠶᠠᠪᠤᠵᠤ ᠰᠠᠭᠤᠬᠤ ᠪᠣᠯᠣᠨ ᠪᠡᠶ᠎ᠡ ᠶᠢᠨ ᠲᠠᠮᠢᠷ ᠤᠨ | ᠪᠣᠯᠪᠠᠰᠤᠷᠠᠯ ᠵᠡᠷᠭᠡ ᠲᠠᠮᠢᠷ ᠪᠠᠷᠠᠬᠤ ᠬᠥᠳᠡᠯᠭᠡᠭᠡᠨ ᠢ ᠬᠡᠯᠡᠨ᠎ᠡ᠃ ᠡᠨᠡ ᠨᠢ ᠲᠠᠮᠢᠷ ᠢ ᠪᠠᠷᠠᠭᠳᠠᠭᠤᠯᠬᠤ ᠶᠢᠨ ᠬᠠᠮᠲᠤ ᠪᠤᠯᠴᠢᠩ ᠢ ᠠᠪᠴᠢᠭᠤᠯᠵᠤ ᠡᠨᠧᠷᠭᠢ ᠶᠢᠨ | ᠬᠤᠷᠣᠭᠳᠠᠯ ᠢ ᠨᠡᠮᠡᠭᠳᠡᠭᠦᠯᠦᠨ᠎ᠡ᠃ ᠡᠶᠢᠮᠦ ᠠᠴᠠ ᠵᠠᠮ ᠶᠠᠪᠤᠬᠤ᠂ ᠳᠤᠭᠤᠢ ᠤᠨᠤᠬᠤ᠂ ᠪᠥᠮᠪᠦᠭᠡ ᠨᠠᠭᠠᠳᠬᠤ᠂ ᠪᠥᠵᠢᠭᠯᠡᠬᠦ᠂ ᠠᠰᠠᠷ ᠤᠨ ᠱᠠᠲᠤ ᠪᠠᠷ ᠠᠯᠬᠤᠬᠤ᠂ ᠭᠡᠷ | ᠢᠶᠠᠨ ᠴᠡᠪᠡᠷᠯᠡᠬᠦ ᠵᠡᠷᠭᠡ ᠨᠢ ᠪᠦᠷ ᠪᠡᠶ᠎ᠡ ᠮᠠᠬᠠᠪᠤᠳ ᠤᠨ ᠬᠥᠳᠡᠯᠭᠡᠭᠡᠨ ᠤ ᠠᠳᠠᠯᠢ ᠪᠤᠰᠤ ᠭᠡᠯᠪᠡᠷᠢ ᠶᠤᠮ᠃ ᠦᠷᠭᠦᠯᠵᠢ ᠪᠡᠶ᠎ᠡ ᠮᠠᠬᠠᠪᠤᠳ ᠤᠨ ᠬᠥᠳᠡᠯᠭᠡᠭᠡᠨ ᠬᠢᠬᠦ | ᠨᠢ ᠬᠡᠪ ᠤᠨ ᠪᠡᠶ᠎ᠡ ᠶᠢᠨ ᠬᠦᠨᠳᠦ ᠶᠢ ᠪᠠᠲᠤᠯᠠᠬᠤ ᠳᠤ ᠲᠤᠰᠠᠲᠠᠢ ᠪᠠᠷ ᠪᠠᠷᠠᠬᠤ ᠦᠭᠡᠢ ᠤᠯᠠᠨ ᠵᠦᠢᠯ ᠤᠨ ᠤᠳᠠᠭᠠᠨ ᠴᠢᠨᠠᠷᠲᠠᠢ ᠡᠪᠡᠳᠴᠢᠨ ᠢ ᠣᠯᠬᠤ ᠠᠶᠤᠯ ᠢ | ᠪᠠᠭᠠᠰᠬᠠᠨ᠎ᠠ᠃ ᠬᠠᠮᠲᠤ ᠳᠤᠨᠢ ᠰᠡᠳᠬᠢᠯ ᠰᠠᠨᠠᠭᠠᠨ ᠤ ᠲᠣᠭᠲᠠᠪᠤᠷᠢᠲᠠᠢ ᠪᠠᠶᠢᠬᠤ ᠶᠢ ᠲᠣᠬᠢᠷᠠᠭᠤᠯᠵᠤ ᠳᠠᠷᠤᠭᠠᠰᠤ ᠶᠢ ᠠᠷᠢᠯᠭᠠᠨ᠂ ᠵᠣᠪᠠᠨᠢᠬᠤ ᠪᠠ ᠭᠠᠩᠰᠠᠷᠠᠬᠤ | ᠭᠡᠮ ᠢ ᠬᠥᠩᠭᠡᠷᠡᠭᠦᠯᠵᠦ᠂ ᠤᠨᠲᠠᠬᠤ ᠶᠢ ᠰᠠᠶᠢᠵᠢᠷᠠᠭᠤᠯᠤᠨ᠎ᠠ᠃ ᠣᠳᠣᠬᠠᠨ ᠳᠤ ᠮᠠᠨ ᠤ ᠤᠯᠤᠰ ᠤᠨ ᠣᠯᠠᠩᠬᠢ ᠰᠠᠭᠤᠭᠠᠯᠢ ᠠᠷᠠᠳ ᠤᠨ ᠪᠡᠶ᠎ᠡ ᠮᠠᠬᠠᠪᠤᠳ ᠤᠨ | ᠬᠥᠳᠡᠯᠭᠡᠭᠡᠨ ᠭᠦᠢᠴᠡᠳ ᠦᠭᠡᠢ ᠪᠤᠶᠤ ᠲᠠᠮᠢᠷ ᠤᠨ ᠪᠣᠯᠪᠠᠰᠤᠷᠠᠯ ᠢᠶᠠᠷ ᠳᠤᠲᠠᠮᠠᠭ ᠪᠠᠶᠢᠨ᠎ᠠ᠃ ᠤᠳᠠᠭᠠᠨ ᠰᠠᠭᠤᠵᠤ ᠳᠤᠲᠠᠭᠤ ᠬᠥᠳᠡᠯᠬᠦ ᠮᠠᠭᠤ ᠵᠠᠩᠰᠢᠯ ᠢᠶᠠᠨ | ᠬᠠᠶᠠᠵᠤ᠂ ᠡᠳᠦᠷ ᠪᠣᠯᠭᠠᠨ ᠬᠥᠳᠡᠯᠭᠡᠭᠡᠨ ᠬᠢᠬᠦ ᠳᠠᠳᠬᠠᠯ ᠢ ᠪᠤᠢ ᠪᠣᠯᠭᠠᠨ᠂ ᠡᠨᠧᠷᠭᠢ ᠶᠢ ᠬᠤᠷᠣᠭᠳᠠᠭᠤᠯᠬᠤ ᠬᠥᠳᠡᠯᠭᠡᠭᠡᠨ ᠢ ᠡᠳᠦᠷ ᠪᠦᠷᠢ ᠢᠯᠡᠭᠦᠬᠡᠨ ᠬᠢᠬᠦ ᠶᠢ | ᠪᠠᠷᠢᠮᠲᠠᠯᠠᠪᠠᠯ ᠵᠣᠬᠢᠨ᠎ᠠ᠃ | ︵︽ᠡᠷᠡᠭᠦᠯ ᠮᠠᠨᠳᠤ ᠶᠢᠨ 66 ᠵᠤᠷᠪᠤᠰ︾ ᠨᠣᠮ ᠠᠴᠠ ᠨᠠᠶᠢᠷᠠᠭᠤᠯᠤᠨ ᠠᠪᠤᠪᠠ︶ | | | |