ᠢᠦᠢ ᠶᠢᠩ ᠵᠢᠶᠧ ᠪᠦᠦ ᠭᠠᠩ ᠣᠷᠣᠯᠴᠠᠪᠠ | ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠪᠡᠭᠡᠵᠢᠩ ᠤᠨ 101 | ᠳᠤᠮᠳᠠᠳᠤ ᠰᠤᠷᠭᠠᠭᠤᠯᠢ ᠬᠠᠮᠲᠤᠷᠠᠨ ᠰᠤᠷᠭᠠᠭᠤᠯᠢ ᠡᠷᠬᠢᠯᠡᠬᠦ ᠭᠡᠷ᠎ᠡ ᠲᠣᠭᠲᠠᠬᠤ ᠶᠣᠰᠣᠯᠠᠯ ᠪᠡᠭᠡᠵᠢᠩ ᠳᠤ ᠶᠠᠪᠤᠭᠳᠠᠪᠠ᠃ ᠡᠨᠡ ᠪᠣᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ︽ᠬᠤᠶᠠᠷ ᠴᠠᠭ ᠤᠨ ᠰᠢᠨ᠎ᠡ ᠶᠢ ᠡᠭᠦᠳᠬᠦ ᠴᠠᠭᠠᠷᠢᠭ︾ ᠶᠢ ᠬᠠᠮᠲᠤ ᠪᠠᠷ | ᠪᠥᠲᠥᠭᠡᠨ ᠪᠠᠶᠢᠭᠤᠯᠬᠤ ᠶᠢᠨ ᠴᠢᠬᠤᠯᠠ ᠦᠷ᠎ᠡ ᠪᠦᠲᠦᠭᠡᠯ ᠪᠤᠯᠤᠨ᠎ᠠ᠃ | ᠪᠡᠭᠡᠵᠢᠩ ᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠱᠦᠵᠢ ᠢᠦᠢ ᠶᠢᠩ ᠵᠢᠶᠧ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠦᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠭᠡᠷ᠎ᠡ ᠲᠣᠭᠲᠠᠬᠤ | ᠶᠣᠰᠣᠯᠠᠯ ᠳᠤ ᠣᠷᠣᠯᠴᠠᠭᠰᠠᠨ ᠪᠥᠭᠡᠳ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠶᠠᠷᠢᠯᠴᠠᠨ | ᠰᠣᠯᠢᠯᠴᠠᠪᠠ᠃ | ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠬᠠᠮᠲᠤᠷᠠᠨ ᠰᠤᠷᠭᠠᠭᠤᠯᠢ ᠡᠷᠬᠢᠯᠡᠬᠦ ᠪᠣᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠵᠢᠷᠭᠤᠭᠠᠨ ᠳᠠᠬᠢᠨ ᠢᠶᠠᠷ | ᠨᠡᠮᠡᠭᠳᠡᠭᠦᠯᠬᠦ︾ ᠲᠥᠯᠥᠪᠯᠡᠭᠡ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠤᠨ᠎ᠠ᠂ ᠲᠤᠰ ᠤᠳᠠᠭ᠎ᠠ ᠶᠢᠨ ᠬᠠᠮᠲᠤᠷᠠᠨ ᠰᠤᠷᠭᠠᠭᠤᠯᠢ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ | ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠰᠤᠷᠭᠠᠨ ᠬᠥᠮᠦᠵᠢᠯ ᠤᠨ ᠲᠣᠭᠠᠴᠢᠯᠠᠭᠰᠠᠨ ᠲᠡᠶᠢᠰᠢ ᠬᠡᠯᠪᠡᠷᠢ ᠪᠠᠨ | ᠬᠤᠪᠢᠷᠠᠭᠤᠯᠬᠤ᠂ ᠴᠢᠳᠠᠪᠤᠷᠢᠲᠠᠨ ᠢ ᠬᠤᠯᠪᠣᠭᠠᠯᠠᠨ ᠬᠥᠮᠦᠵᠢᠭᠦᠯᠬᠦ ᠵᠡᠷᠭᠡ ᠲᠠᠯ᠎ᠠ ᠪᠠᠷ ᠨᠡᠩ ᠤᠯᠠᠨ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠵᠤ᠂ ᠪᠡᠭᠡᠵᠢᠩ ᠥᠪᠥᠷ | ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯ ᠢ ᠪᠦᠬᠦ ᠬᠦᠴᠦᠨ ᠢᠶᠠᠷ ᠢᠶᠠᠨ ᠡᠭᠦᠳᠦᠨ᠎ᠡ ᠭᠡᠵᠦ ᠢᠯᠡᠳᠬᠡᠪᠡ᠃ | ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠬᠥᠬᠡᠬᠤᠲᠠ ᠳᠤ ᠠᠷᠪᠠᠨ ᠬᠤᠶᠠᠷ ᠵᠢᠯ ᠤᠨ ᠳᠦᠷᠢᠮᠲᠦ ᠪᠡᠭᠡᠵᠢᠩ 101 ᠳᠤᠮᠳᠠᠳᠤ ᠰᠤᠷᠭᠠᠭᠤᠯᠢ ᠶᠢᠨ | ᠬᠥᠬᠡᠬᠤᠲᠠ ᠳᠠᠬᠢ ᠬᠤᠪᠢᠶᠠᠷᠢ ᠰᠤᠷᠭᠠᠭᠤᠯᠢ ᠶᠢ ᠪᠠᠶᠢᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠤᠷᠤᠭᠴᠢᠳ ᠲᠤ ᠠᠰᠢᠭ ᠬᠦᠷᠲᠡᠭᠡᠬᠦ ᠪᠣᠯᠤᠨ᠎ᠠ᠃ | |