︵ᠰᠤᠷᠪᠤᠯᠵᠢᠯᠠᠭᠴᠢ ᠢᠦᠢ ᠶᠠ ᠵᠢᠶᠦ᠋ᠨ︶ 3 ᠳ᠋ᠤᠭᠠᠷ ᠰᠠᠷ᠎ᠠ ᠶᠢᠨ 31 ᠤ ᠡᠳᠦᠷ᠂ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 8 | ᠰᠠᠯᠠᠭ᠎ᠠ ᠮᠥᠴᠢᠷ ᠲᠠᠢ ᠬᠠᠮᠲᠤᠷᠠᠨ 2025 ᠣᠨ ᠤ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠬᠦ ᠵᠢᠴᠢ ᠡᠮ ᠤᠨ ᠵᠦᠢᠯ ᠤᠨ ᠮᠥᠷᠳᠡᠨ ᠪᠠᠶᠢᠴᠠᠭᠠᠬᠤ ᠨᠣᠮᠧᠷ ᠢ ᠬᠡᠷᠡᠭᠯᠡᠨ ᠳᠠᠭᠠᠳᠬᠠᠯ ᠤᠨ ᠮᠡᠬᠡᠯᠡᠯ ᠪᠠ | ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ᠴᠣᠬᠢᠯᠲᠠ ᠥᠭᠬᠦ ᠲᠤᠰᠬᠠᠶ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 9 ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽2025 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠠᠳᠬᠠᠯ ᠤᠨ ᠮᠡᠬᠡᠯᠡᠯ ᠳᠤ ᠴᠢᠩᠭ᠎ᠠ ᠴᠣᠬᠢᠯᠲᠠ ᠥᠭᠴᠦ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠠᠵᠢᠯ ᠤᠨ ᠲᠥᠰᠦᠯ︾᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠠᠴᠠ ᠤᠯᠠᠮᠵᠢᠯᠠᠨ ᠲᠠᠷᠬᠠᠭᠠᠭᠰᠠᠨ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠡᠮ ᠤᠨ ᠵᠦᠢᠯ ᠤᠨ ᠮᠥᠷᠳᠡᠨ | ᠪᠠᠶᠢᠴᠠᠭᠠᠬᠤ ᠨᠣᠮᠧᠷ ᠢ ᠬᠡᠷᠡᠭᠯᠡᠨ ᠡᠮ ᠤᠨ ᠵᠦᠢᠯ ᠤᠨ ᠬᠦᠷᠢᠶᠡᠨ ᠳᠠᠬᠢ ᠳᠠᠭᠠᠳᠬᠠᠯ ᠤᠨ ᠮᠡᠬᠡᠯᠡᠯ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ | ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠵᠢᠴᠢ ︽ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ | ᠨᠠᠶᠢᠳᠠᠪᠤᠷᠢᠵᠢᠭᠤᠯᠬᠤ ᠲᠥᠰᠦᠯ︾ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ 2025 ᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠵᠢᠴᠢ ᠡᠮ ᠤᠨ ᠵᠦᠢᠯ ᠤᠨ ᠮᠥᠷᠳᠡᠨ | ᠪᠠᠶᠢᠴᠠᠭᠠᠬᠤ ᠨᠣᠮᠧᠷ ᠢ ᠬᠡᠷᠡᠭᠯᠡᠨ ᠡᠮ ᠤᠨ ᠵᠦᠢᠯ ᠤᠨ ᠬᠦᠷᠢᠶᠡᠨ ᠳᠠᠬᠢ ᠳᠠᠭᠠᠳᠬᠠᠯ ᠤᠨ ᠮᠡᠬᠡᠯᠡᠯ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ | ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠨᠡᠬᠡᠮᠵᠢᠯᠡᠨ ᠠᠪᠴᠢᠷᠠᠬᠤ ᠶᠣᠰᠣᠲᠠᠶ ᠰᠠᠭᠤᠷᠢ ᠮᠥᠩᠭᠦ ᠶᠢ | ᠡᠷᠡᠰ ᠨᠡᠬᠡᠮᠵᠢᠯᠡᠨ ᠠᠪᠴᠢᠷᠠᠵᠤ᠂ ᠵᠠᠰᠠᠭ ᠵᠠᠬᠢᠷᠭᠠᠨ ᠤ ᠰᠢᠢᠳᠬᠡᠯ ᠦᠭᠬᠦ ᠶᠤᠰᠤᠲᠠᠢ ᠶᠢ ᠨᠢ ᠡᠷᠡᠰ ᠰᠢᠢᠳᠬᠡᠨ᠂ ᠬᠡᠯᠡᠯᠴᠡᠭᠡᠷ ᠢ ᠬᠦᠴᠦᠨ ᠥᠬᠡᠶ ᠪᠣᠯᠭᠠᠬᠤ | ᠶᠣᠰᠣᠲᠠᠶ ᠶᠢ ᠨᠢ ᠡᠷᠡᠰ ᠬᠦᠴᠦᠨ ᠥᠬᠡᠶ ᠪᠣᠯᠭᠠᠵᠤ᠂ ᠬᠠᠤᠯᠢ ᠲᠣᠭᠲᠠᠭᠠᠯ ᠶᠣᠰᠣᠭᠠᠷ ᠪᠣᠳᠠᠲᠠᠶ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠪᠠᠶᠢᠳᠠᠯ ᠨᠢ ᠨᠡᠯᠢᠶᠡᠳ ᠬᠦᠨᠳᠦ ᠬᠡᠷᠡᠭ ᠲᠤ᠂ ᠡᠮᠴᠢᠯᠡᠭᠡ ᠶᠢᠨ ᠳᠠᠭᠠᠳᠬᠠᠯ ᠤᠨ ᠵᠠᠷᠤᠳᠠᠯ ᠥᠭᠬᠦ ᠬᠢᠷᠢ ᠭᠡᠮ ᠤᠨ | ᠬᠠᠮᠢᠶᠠᠷᠤᠯᠲᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠡᠮᠨᠡᠯᠭᠡ ᠶᠢᠨ ᠠᠵᠢᠯᠲᠠᠳ᠂ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠬᠥᠮᠦᠰ ᠲᠤ ᠡᠮᠴᠢᠯᠡᠭᠡ ᠶᠢᠨ | ᠳᠠᠭᠠᠳᠬᠠᠯ ᠤᠨ ᠵᠠᠷᠤᠳᠠᠯ ᠥᠭᠬᠦ ᠬᠢᠷᠢ ᠭᠡᠮ ᠤᠨ ᠬᠤᠪᠢ ᠲᠡᠮᠳᠡᠭᠯᠡᠬᠦ ᠬᠠᠮᠢᠶᠠᠷᠤᠯᠲᠠ ᠬᠢᠬᠦ ᠬᠡᠷᠡᠭᠲᠡᠶ ᠭᠡᠵᠡᠢ᠃ | |