ᠬᠠᠤᠯᠢ ᠪᠤᠰᠤ ᠪᠠᠷ ᠫᠤᠤ ᠵᠡᠪᠰᠡᠭ ᠡᠵᠡᠮᠰᠢᠭᠡᠳ ᠰᠢᠢᠳᠭᠡᠭᠳᠡᠪᠡ
ᠨᠡᠶᠢᠲᠡᠯᠡᠭᠰᠡᠨ ᠴᠠᠭ᠄
2025/4/2
     ᠣᠶᠢᠷ᠎ᠠ ᠳᠤ᠂ ᠭᠦᠭᠡᠬᠤᠳᠠ ᠶᠢᠨ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳ᠋ᠦᠩ ᠾᠧ ᠳᠠᠬᠢ  ᠲᠣᠮᠢᠯᠠᠭᠰᠠᠨ ᠰᠠᠯᠪᠤᠷᠢ ᠨᠢᠭᠡᠨ ᠬᠠᠤᠯᠢ ᠪᠤᠰᠤ ᠪᠠᠷ ᠫᠤᠤ ᠵᠡᠪᠰᠡᠭ ᠡᠵᠡᠮᠰᠢᠭᠰᠡᠨ ᠬᠡᠷᠡᠭ ᠢ ᠢᠯᠡᠷᠡᠭᠦᠯᠵᠦ᠂ 1 ᠬᠥᠮᠥᠨ ᠢ ᠲᠦᠷ ᠬᠤᠷᠢᠪᠠ᠃      ᠲᠦᠷᠦᠭᠦᠬᠡᠨ᠂ ᠳ᠋ᠦᠩ ᠾᠧ ᠳᠠᠬᠢ ᠲᠣᠮᠢᠯᠠᠭᠰᠠᠨ ᠰᠠᠯᠪᠤᠷᠢ ᠰᠦᠪᠡᠭᠴᠢ ᠣᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠵᠣᠣ ᠣᠪᠣᠭᠲᠤ ᠳᠤ ᠬᠡᠶᠢᠲᠦ ᠫᠤᠤ ᠪᠠᠶᠢᠬᠤ ᠰᠡᠵᠢᠭᠯᠡᠯᠲᠡᠢ ᠭᠡᠵᠦ᠂ ᠠᠷᠠᠳ ᠤᠨ ᠴᠠᠭᠳᠠᠭ᠎ᠠ ᠵᠣᠣ ᠣᠪᠣᠭᠲᠤ ᠶᠢ ᠲᠡᠷᠡ ᠳᠠᠷᠤᠢ ᠳᠤᠨᠢ ᠲᠣᠮᠢᠯᠠᠭᠰᠠᠨ ᠰᠠᠯᠪᠤᠷᠢ ᠳᠤ ᠳᠠᠭᠤᠳᠠᠭᠰᠠᠨ ᠪᠥᠭᠡᠳ ᠭᠡᠷ ᠠᠴᠠ ᠨᠢ ᠨᠢᠭᠡ  ᠬᠡᠶᠢᠲᠦ ᠫᠤᠤ ᠵᠢᠴᠢ ᠡᠳᠦᠢ ᠲᠡᠳᠦᠢ ᠬᠡᠶᠢᠲᠦ ᠫᠤᠤ ᠶᠢᠨ ᠰᠡᠯᠪᠢᠭ ᠲᠣᠨᠤᠭ ᠢ ᠪᠠᠶᠢᠴᠠᠭᠠᠨ ᠭᠠᠷᠭᠠᠵᠠᠢ᠃ ᠪᠠᠶᠢᠴᠠᠭᠠᠭᠰᠠᠨ ᠢᠶᠠᠷ᠂ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭᠠᠳᠠᠨ ᠵᠣᠣ ᠣᠪᠣᠭᠲᠤ ᠫᠤᠤ ᠵᠡᠪᠰᠡᠭ ᠲᠤ ᠪᠠᠭ᠋ᠠᠲᠠᠢ ᠬᠥᠮᠥᠨ ᠪᠠᠶᠢᠵᠤ᠂ ᠣᠯᠠᠨ ᠵᠢᠯ ᠤᠨ ᠡᠮᠦᠨ᠎ᠡ ᠬᠡᠶᠢᠲᠦ ᠫᠤᠤ ᠵᠢᠴᠢ ᠰᠡᠯᠪᠢᠭ ᠲᠣᠨᠤᠭ ᠬᠤᠳᠠᠯᠳᠤᠨ ᠠᠪᠤᠭᠰᠠᠨ ᠪᠥᠭᠡᠳ ᠣᠯᠠᠨ ᠤᠳᠠᠭ᠎ᠠ ᠡᠨᠡ ᠬᠡᠶᠢᠲᠦ ᠫᠤᠤ ᠶᠢ ᠠᠪᠴᠤ ᠬᠤᠶᠢᠲᠤ ᠬᠤᠶᠠᠳᠤᠭᠠᠷ ᠲᠣᠭᠤᠷᠢᠯ ᠵᠠᠮ ᠤᠨ ᠣᠶᠢᠷᠠᠯᠴᠠᠭ᠎ᠠ ᠬᠦᠷᠴᠦ ᠲᠤᠷᠰᠢᠨ ᠫᠤᠤᠳᠠᠭᠰᠠᠨ ᠪᠥᠭᠡᠳ ᠫᠤᠤ ᠵᠡᠪᠰᠡᠭ ᠢᠶᠠᠨ ᠭᠡᠷ ᠲᠡᠭᠡᠨ ᠨᠢᠭᠤᠨ ᠳᠠᠯᠳᠠᠯᠠᠭᠰᠠᠨ ᠪᠠᠶᠢᠨ᠎ᠠ᠃ ᠣᠳᠣᠬᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ  ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭᠠᠳᠠᠨ ᠵᠣᠣ ᠣᠪᠣᠭᠲᠤ ᠳᠤ 5 ᠡᠳᠦᠷ ᠤᠨ ᠵᠠᠰᠠᠭ ᠵᠠᠬᠢᠷᠭᠠᠨ ᠢᠶᠠᠷ ᠲᠦᠷ ᠬᠤᠷᠢᠬᠤ ᠰᠢᠢᠳᠬᠡᠯ ᠥᠭᠬᠦ ᠶᠢᠨ ᠬᠠᠮᠲᠤ ᠬᠡᠷᠡᠭ ᠲᠤ ᠬᠤᠯᠪᠣᠭᠳᠠᠭᠰᠠᠨ ᠬᠡᠶᠢᠲᠦ ᠫᠤᠤ ᠵᠢᠴᠢ ᠰᠡᠯᠪᠢᠭ ᠲᠣᠨᠤᠭ ᠢ ᠨᠢ ᠬᠤᠷᠢᠶᠠᠨ ᠠᠪᠴᠠᠢ᠃ ᠳ᠋ᠦᠩ ᠾᠧ ᠳᠠᠬᠢ ᠲᠣᠮᠢᠯᠠᠭᠰᠠᠨ ᠰᠠᠯᠪᠤᠷᠢ ᠶᠢᠨ ᠬᠢᠨ ᠬᠠᠷᠢᠶ᠎ᠠ ᠣᠷᠣᠨ ᠤ ᠣᠨᠴᠠᠯᠢᠭ ᠲᠠᠢ ᠪᠠᠨ ᠤᠶᠠᠯᠳᠤᠭᠤᠯᠤᠨ᠂ ᠫᠤᠤ ᠵᠡᠪᠰᠡᠭ᠂ᠳᠡᠯᠪᠡᠷᠡᠬᠦ ᠪᠣᠳᠠᠰ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ ᠤᠬᠠᠮᠰᠠᠷ ᠢ ᠴᠢᠩᠭᠠᠳᠬᠠᠵᠤ᠂ ᠫᠤᠤ ᠵᠡᠪᠰᠡᠭ᠂ ᠳᠡᠯᠪᠡᠷᠡᠬᠦ ᠪᠣᠳᠠᠰ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠤ ᠭᠡᠮ ᠰᠣᠭᠤᠭ ᠢ ᠪᠦᠭᠦ ᠲᠠᠯ᠎ᠠ ᠪᠠᠷ ᠠᠷᠢᠯᠭᠠᠪᠠ᠃ ᠡᠭᠦᠨ ᠤ ᠬᠠᠮᠲᠤ ᠫᠤᠤ ᠵᠡᠪᠰᠡᠭ ᠳᠡᠯᠪᠡᠷᠡᠬᠦ ᠪᠣᠳᠠᠰ ᠲᠤ ᠬᠤᠯᠪᠣᠭᠳᠠᠭᠰᠠᠨ ᠬᠠᠤᠯᠢ ᠠᠴᠠ  ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠫᠤᠤ ᠵᠡᠪᠰᠡᠭ ᠳᠡᠯᠪᠡᠷᠡᠬᠦ ᠡᠳ᠋ ᠪᠣᠳᠠᠰ ᠤᠨ ᠬᠠᠤᠯᠢ ᠠᠴᠠ  ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠡᠭᠦᠰᠬᠦ ᠶᠢ ᠦᠨᠡᠨ ᠬᠦ ᠠᠷᠢᠯᠭᠠᠵᠤ᠂ ᠬᠠᠷᠢᠶ᠎ᠠ ᠣᠷᠣᠨ ᠤ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠠᠭᠠᠯᠠᠪᠠ᠃      ᠴᠠᠭᠳᠠᠭᠠᠨ ᠤ ᠲᠠᠯ᠎ᠠ ᠶᠢᠨ ᠰᠠᠨᠠᠭᠤᠯᠤᠮᠵᠢ᠄ ᠫᠤᠤ ᠵᠡᠪᠰᠡᠭ ᠰᠤᠮᠤ ᠳᠠᠷᠢ ᠪᠣᠯ ᠠᠶᠤᠯᠲᠠᠢ ᠳᠡᠯᠪᠡᠷᠡᠬᠦ ᠡᠳ᠋ ᠪᠣᠳᠠᠰ ᠲᠤ ᠬᠠᠷᠢᠶᠠᠯᠠᠭᠳᠠᠨ᠎ᠠ᠂ ᠫᠤᠤ ᠵᠡᠪᠰᠡᠭ ᠰᠤᠮᠤ ᠳᠠᠷᠢ ᠶᠢ ᠬᠠᠤᠯᠢ ᠪᠤᠰᠤ ᠪᠠᠷ ᠡᠵᠡᠮᠰᠢᠭᠰᠡᠨ᠂ ᠬᠤᠪᠢ ᠪᠠᠷ ᠢᠶᠠᠨ ᠨᠢᠭᠤᠵᠤ ᠬᠠᠳᠠᠭᠠᠯᠠᠭᠰᠠᠨ ᠪᠣᠯ ᠬᠠᠤᠯᠢ ᠠᠴᠠ  ᠵᠥᠷᠢᠴᠡᠭᠰᠡᠨ ᠦᠶᠯᠡ ᠠᠵᠢᠯᠯᠠᠭ᠎ᠠ ᠳᠤ ᠲᠣᠭᠠᠴᠠᠭᠳᠠᠨ᠎ᠠ᠂ ᠬᠡᠷᠪᠡ ᠣᠯᠵᠤ ᠮᠡᠳᠡᠪᠡᠯ᠂ ᠰᠠᠨᠠᠭᠠᠴᠢᠯᠠᠭ᠎ᠠ ᠠᠴᠠ ᠪᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠤᠰᠢᠶᠠᠵᠤ᠂ ᠬᠤᠪᠢ ᠪᠠᠷ ᠢᠶᠠᠨ ᠬᠠᠳᠠᠭᠠᠯᠠᠵᠤ ᠪᠤᠯᠬᠤ ᠦᠭᠡᠢ᠃ ᠡᠭᠦᠨ ᠤ ᠬᠠᠮᠲᠤ ᠥᠷᠭᠡᠨ ᠤᠯᠠᠨ ᠲᠦᠮᠡᠨ ᠫᠤᠤ ᠵᠡᠪᠰᠡᠭ ᠢ ᠬᠠᠤᠯᠢ ᠪᠤᠰᠤ ᠪᠠᠷ ᠡᠵᠡᠮᠰᠢᠭᠰᠡᠨ᠂ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ ᠢ ᠬᠤᠪᠢ ᠪᠠᠷ ᠢᠶᠠᠨ ᠨᠢᠭᠤᠵᠤ ᠬᠠᠳᠠᠭᠠᠯᠠᠭᠰᠠᠨ ᠵᠡᠷᠭᠡ ᠦᠢᠯᠡ ᠠᠵᠢᠯᠯᠠᠭ᠎ᠠ ᠶᠢ ᠢᠳᠡᠪᠬᠢᠲᠡᠢ ᠢᠯᠡᠴᠢᠯᠡᠨ ᠮᠡᠳᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ