︵ᠰᠤᠷᠪᠤᠯᠵᠢᠯᠠᠭᠴᠢ ᠯᠢᠶᠠᠩ ᠵᠢᠩ ᠱᠤ᠋︶ 2025 ᠣᠨ ᠳᠤ᠂ ᠬᠥᠬᠡᠬᠤᠲᠠ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ | ᠲᠦᠷᠢᠮ ᠤᠨ ︽ᠲᠠᠰ ᠳᠡᠪᠰᠢᠬᠦ︾ ᠶᠢ ᠦᠷᠭᠦᠯᠵᠢᠯᠡᠨ ᠠᠬᠢᠭᠤᠯᠵᠤ᠂ ᠲᠥᠷᠥᠯ ᠰᠠᠳᠤᠨ ᠤ ᠰᠤᠪᠢᠯᠠᠯᠲᠠ ᠶᠢ ᠬᠡᠷ ᠲᠡᠭᠡᠨ ᠬᠠᠮ ᠰᠤᠪᠢᠯᠠᠬᠤ ᠦᠢᠯᠡᠴᠢᠯᠡᠭᠡ | ︵ᠲᠥᠷᠥᠯ ᠰᠠᠳᠤᠨ ᠬᠠᠷᠠᠭᠠᠯᠵᠠᠨ ᠰᠤᠪᠢᠯᠠᠬᠤ +ᠪᠠᠶᠢᠭᠤᠯᠤᠮᠵᠢ ᠠᠴᠠ ᠭᠡᠷ ᠲᠤ ᠨᠢ ᠬᠦᠷᠴᠦ ᠰᠤᠪᠢᠯᠠᠬᠤ︶ ᠪᠣᠯᠭᠠᠨ ᠲᠤᠬᠢᠷᠠᠭᠤᠯᠵᠤ᠂ ᠲᠤᠰᠬᠠᠶᠢᠵᠢᠭᠰᠠᠨ᠂ | ᠵᠢᠷᠤᠮᠵᠢᠭᠤᠯᠤᠭᠰᠠᠨ᠂ ᠥᠪᠡᠷᠮᠢᠴᠡᠵᠢᠭᠰᠡᠨ᠂ ᠳᠣᠲᠣᠨᠣᠴᠢᠯᠠᠭᠰᠠᠨ ᠢᠶᠠᠷ ᠦᠢᠯᠡᠴᠢᠯᠡᠭᠡᠨ ᠤ ᠤᠳᠤᠷᠢᠳᠤᠮᠵᠢ ᠪᠣᠯᠭᠠᠵᠤ᠂ ᠴᠢᠳᠠᠪᠤᠷᠢ ᠪᠠᠨ ᠠᠯᠳᠠᠭᠰᠠᠨ | ᠬᠥᠮᠦᠰ ᠤᠨ ᠨᠡᠩ ᠲᠤᠰᠬᠠᠶ ᠮᠡᠷᠭᠡᠵᠢᠯ ᠤᠨ᠂ ᠴᠢᠨᠠᠷ ᠰᠠᠶᠢᠲᠠᠢ ᠰᠤᠪᠢᠯᠠᠯᠲᠠ ᠶᠢᠨ ᠦᠢᠯᠡᠴᠢᠯᠡᠭᠡ ᠬᠦᠷᠲᠡᠬᠦ ᠶᠢ ᠪᠠᠲᠤᠯᠠᠨ᠂ ᠴᠢᠳᠠᠪᠤᠷᠢ ᠪᠠᠨ ᠠᠯᠳᠠᠭᠰᠠᠨ | ᠬᠥᠮᠦᠰ ᠤᠨ ᠠᠮᠢᠳᠤᠷᠠᠯ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠭᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠬᠦᠩᠭᠡᠷᠡᠭᠦᠯᠪᠡ᠃ | ᠮᠠᠨ ᠤ ᠬᠤᠲᠠ ᠶᠢᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠠᠴᠠ | ᠣᠲᠣ ᠪᠣᠯᠲᠠᠯ᠎ᠠ᠂ ᠪᠥᠬᠦ ᠬᠤᠲᠠ ᠳᠤ ᠨᠢᠭᠡᠨᠲᠡ 414 ᠴᠢᠳᠠᠪᠤᠷᠢ ᠪᠠᠨ ᠠᠯᠳᠠᠭᠰᠠᠳ ᠪᠠᠶᠢᠭᠤᠯᠤᠮᠵᠢ ᠠᠴᠠ ᠭᠡᠷ ᠲᠤ ᠨᠢ ᠬᠦᠷᠴᠦ ᠰᠤᠪᠢᠯᠠᠬᠤ ᠦᠢᠯᠡᠴᠢᠯᠡᠭᠡ ᠶᠢ | ᠬᠦᠷᠲᠡᠵᠡᠢ᠃ ᠣᠳᠣᠬᠠᠨ ᠳᠤ᠂ ᠬᠥᠬᠡᠬᠤᠲᠠ ᠨᠢᠭᠡᠨᠲᠡ ᠪᠠᠶᠢᠭᠤᠯᠤᠮᠵᠢ ᠳᠤ ᠰᠠᠭᠤᠨ ᠰᠤᠪᠢᠯᠠᠬᠤ᠂ ᠪᠠᠶᠢᠭᠤᠯᠤᠮᠵᠢ ᠠᠴᠠ ᠭᠡᠷ ᠲᠤ ᠨᠢ ᠬᠦᠷᠴᠦ ᠰᠤᠪᠢᠯᠠᠬᠤ᠂ | ︽ᠪᠠᠶᠢᠭᠤᠯᠤᠮᠵᠢ ᠠᠴᠠ ᠭᠡᠷ ᠲᠤ ᠨᠢ ᠬᠦᠷᠴᠦ ᠰᠤᠪᠢᠯᠠᠬᠤ+ᠲᠥᠷᠥᠯ ᠰᠠᠳᠤᠨ ᠬᠠᠷᠠᠭᠠᠯᠵᠠᠨ ᠰᠤᠪᠢᠯᠠᠬᠤ ︾ ᠣᠯᠠᠨ ᠶᠠᠩᠵᠤ ᠶᠢᠨ ᠦᠢᠯᠡᠴᠢᠯᠡᠭᠡᠨ ᠤ | ᠪᠠᠲᠤᠯᠠᠭ᠎ᠠ ᠶᠢ ᠪᠦᠷᠢᠯᠳᠦᠭᠦᠯᠵᠦ᠂ ᠦᠢᠯᠡᠴᠢᠯᠡᠭᠡ ᠨᠢ ᠬᠤᠲᠠ ᠬᠥᠳᠡᠭᠡ ᠶᠢ ᠬᠠᠮᠤᠷᠴᠤ᠂ ᠲᠤᠰᠬᠠᠶ ᠰᠤᠪᠢᠯᠠᠯᠲᠠ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ | ᠬᠥᠳᠡᠭᠡ ᠲᠣᠰᠬᠤᠨ ᠤ ᠪᠤᠶᠢᠳᠠ ᠪᠥᠭᠯᠡᠭᠦᠤ ᠭᠠᠵᠠᠷ ᠣᠷᠣᠨ ᠳᠤ ᠬᠦᠷᠲᠡᠯ᠎ᠡ ᠤᠷᠲᠤᠳᠬᠠᠵᠠᠢ᠃ | |