︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠠᠵᠢᠯᠴᠢᠨ ᠤ ᠶᠡᠷᠦᠩᠬᠡᠶ ᠡᠪᠯᠡᠯ᠂ ᠬᠥᠬᠡᠬᠤᠲᠠ ᠶᠢᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠰᠢᠨ᠎ᠡ ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠬᠥᠬᠡᠬᠤᠲᠠ ᠶᠢᠨ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠶᠢ ᠠᠬᠢᠭᠤᠯᠬᠤ ᠬᠤᠷᠠᠯ ᠵᠡᠷᠭᠡ ᠠᠴᠠ ᠬᠠᠮᠲᠤᠷᠠᠨ ᠡᠷᠭᠢᠯᠡᠭᠰᠡᠨ ᠴᠡᠷᠢᠭ ᠠᠴᠠ | ᠬᠠᠯᠠᠭᠳᠠᠭᠰᠠᠳ᠂ ᠴᠡᠷᠢᠭ ᠤᠨ ᠬᠡᠷ ᠪᠦᠯᠢ ᠶᠢᠨ ᠲᠤᠰᠬᠠᠶ ᠲᠠᠯᠠᠪᠤᠷ ᠠᠵᠢᠯᠲᠠᠨ ᠡᠯᠰᠡᠬᠦ ᠴᠤᠭᠯᠠᠭᠠᠨ ᠬᠥᠬᠡᠬᠤᠲᠠ ᠶᠢᠨ ᠨᠡᠶᠢᠭᠡᠮᠴᠢᠯᠡᠭᠰᠡᠨ ᠴᠡᠷᠢᠭ ᠢ ᠬᠦᠷᠢᠶᠡᠯᠡᠬᠦ | ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠦᠷᠢᠶᠡᠯᠡᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠴᠣᠭᠴᠠᠯᠠᠬᠤ ᠦᠢᠯᠡᠴᠢᠯᠡᠭᠡᠨ ᠤ | ᠲᠥᠪ ᠲᠤ ᠶᠠᠪᠤᠭᠳᠠᠪᠠ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ 55 ᠰᠢᠯᠢᠳᠡᠭ ᠠᠵᠤ ᠠᠬᠤᠶᠢᠯᠠᠯ ᠢ ᠨᠠᠷᠢᠯᠢᠭ ᠰᠣᠩᠭᠤᠵᠤ᠂ ᠡᠨᠧᠷᠭᠢ᠂ ᠮᠡᠳᠡᠭᠡ ᠵᠠᠩᠭᠢ ᠶᠢᠨ | ᠮᠡᠷᠭᠡᠵᠢᠯ ᠤᠨ ᠦᠢᠯᠡᠴᠢᠯᠡᠭᠡ᠂ ᠬᠥᠮᠦᠨ ᠤ ᠬᠦᠴᠦᠨ᠂ ᠮᠥᠩᠭᠦᠨ ᠭᠦᠢᠯᠭᠡᠭᠡ᠂ ᠰᠤᠷᠭᠠᠨ ᠬᠥᠮᠦᠵᠢᠯ᠂ ᠪᠠᠷᠠᠭᠠᠨ ᠤ ᠭᠦᠢᠯᠭᠡᠭᠡ᠂ ᠵᠢᠭᠤᠯᠴᠢᠯᠠᠯ᠂ ᠦᠢᠯᠡᠳᠬᠦ | ᠦᠢᠯᠡᠰ ᠵᠡᠷᠭᠡ 8 ᠶᠡᠭᠡ ᠬᠦᠷᠢᠶ᠎ᠡ ᠶᠢ ᠬᠠᠮᠤᠷᠴᠤ᠂ 1800 ᠭᠠᠷᠤᠶ ᠭᠦᠢᠴᠡᠳ ᠵᠤᠬᠢᠴᠠᠯᠳᠤᠭᠠᠲᠤ ᠠᠵᠢᠯ ᠤᠨ ᠪᠠᠶᠢᠷᠢ ᠬᠠᠩᠭᠠᠪᠠ᠃ ᠠᠵᠢᠯᠯᠠᠭ᠎ᠠ ᠶᠢᠨ | ᠲᠤᠬᠠᠢ ᠶᠢᠨ ᠲᠠᠯᠠᠪᠠᠢ ᠳᠤ᠂ 136 ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠢᠨ ᠨᠠᠷᠢᠨ ᠨᠢᠮᠪᠠᠢ ᠪᠡᠯᠡᠳᠬᠡᠭᠰᠡᠨ ᠲᠣᠪᠴᠢ | ᠨᠠᠮᠲᠠᠷ ᠢᠶᠠᠨ ᠠᠪᠴᠤ᠂ 80 ᠭᠠᠷᠤᠢ ᠬᠥᠮᠦᠨ ᠲᠤᠬᠠᠢ ᠶᠢᠨ ᠲᠠᠯᠠᠪᠠᠢ ᠳᠤ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠲᠠᠢ ᠪᠤᠯᠵᠤ᠂ ᠲᠤᠪᠴᠢ ᠨᠠᠮᠲᠠᠷ | ᠲᠤᠰᠢᠶᠠᠭᠰᠠᠨ ᠪᠦᠬᠦ ᠲᠤᠭ᠎ᠠ 523 ᠬᠤᠪᠢ ᠬᠦᠷᠴᠦ᠂ 255ᠠᠵᠢᠯ ᠤᠨ ᠪᠠᠶᠢᠷᠢ ᠰᠠᠨᠠᠮᠵᠢ ᠲᠠᠢ ᠪᠤᠯᠵᠠᠢ᠃ ᠲᠤᠬᠠᠶ ᠶᠢᠨ ᠲᠠᠯᠠᠪᠠᠶ ᠳᠤ ᠠᠵᠢᠯ ᠣᠯᠭᠤᠬᠤ | ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠠᠵᠤ ᠠᠬᠤᠶᠢᠯᠠᠯ ᠤᠨ ᠦᠵᠡᠭᠦᠯᠭᠡ ᠶᠢᠨ ᠪᠠᠶᠢᠷᠢ | ᠵᠡᠷᠭᠡ ᠳᠥᠷᠪᠡᠨ ᠶᠡᠭᠡ ᠴᠢᠳᠠᠮᠵᠢᠳᠤ ᠣᠷᠣᠨ ᠢ ᠳᠣᠭᠢᠷᠠᠭᠤᠯᠬᠤ ᠶᠢᠨ ᠬᠠᠮᠲᠤ ︽ᠭᠠᠯ ᠤᠨᠲᠠᠷᠠᠭᠠᠬᠤ ᠠᠵᠢᠯᠲᠠᠨ ᠡᠯᠰᠡᠬᠦ ᠲᠤᠰᠬᠠᠶ ᠲᠣᠭᠤᠷᠢᠭ︾ | ︽ᠵᠢᠯᠣᠭᠤᠴᠢ ᠡᠯᠰᠡᠬᠦ ᠲᠤᠰᠬᠠᠶ ᠲᠣᠭᠤᠷᠢᠭ︾ ᠵᠡᠷᠭᠡ ᠣᠨᠴᠠᠯᠢᠭᠲᠤ ᠪᠤᠯᠤᠩ ᠢ ᠲᠤᠬᠢᠷᠠᠭᠤᠯᠵᠤ᠂ ᠣᠯᠠᠨ ᠶᠠᠩᠵᠤ ᠶᠢᠨ ᠠᠵᠢᠯ ᠡᠷᠢᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠠᠢ᠃ | ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ᠂ | ᠴᠡᠷᠢᠭ ᠤᠨ ᠬᠡᠷ ᠪᠦᠯᠢ ᠬᠢᠭᠡᠳ ᠬᠥᠮᠦᠨ ᠬᠡᠷᠡᠭᠯᠡᠬᠦ ᠨᠢᠭᠡᠴᠡ ᠶᠢᠨ ᠨᠠᠷᠢᠯᠢᠭ ᠣᠨᠣᠴᠠᠲᠠᠶ ᠬᠤᠤᠰ ᠴᠢᠭᠯᠡᠯ ᠤᠨ ᠰᠣᠯᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ | ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠬᠢᠭᠡᠳ ᠠᠵᠤ ᠠᠬᠤᠶᠢᠯᠠᠯ ᠳᠤ ᠥᠨᠳᠥᠷ ᠪᠦᠲᠦᠮᠵᠢᠲᠡᠶ ᠵᠣᠯᠭᠠᠭᠤᠯᠬᠤ ᠲᠠᠪᠴᠠᠩ ᠪᠠᠶᠢᠭᠤᠯᠤᠨ | ᠥᠭᠴᠦ᠂ ᠰᠠᠷ᠎ᠠ ᠪᠦᠷᠢ ᠨᠢᠭᠡ ᠤᠳᠠᠭ᠎ᠠ ᠴᠡᠷᠢᠭ ᠠᠴᠠ ᠬᠠᠯᠠᠭᠳᠠᠭᠰᠠᠳ᠂ ᠴᠡᠷᠢᠭ ᠤᠨ ᠬᠡᠷ ᠪᠦᠯᠢ ᠶᠢᠨ ᠬᠡᠪᠴᠢᠶᠡᠲᠦ ᠲᠤᠰᠬᠠᠶ ᠲᠠᠯᠠᠪᠤᠷ ᠠᠵᠢᠯᠲᠠᠨ ᠡᠯᠰᠡᠬᠦ | ᠴᠤᠭᠯᠠᠭᠠᠨ ᠢ ᠪᠠᠶᠢᠩᠭᠤᠵᠢᠭᠤᠯᠤᠨ ᠥᠷᠨᠢᠭᠦᠯᠪᠡ᠃ |