︵ᠰᠤᠷᠪᠤᠯᠵᠢᠯᠠᠭᠴᠢ ᠮᠢᠶᠤᠤ ᠰᠢᠨ︶ 4 ᠳ᠋ᠦ᠋ᠭᠡᠷ ᠰᠠᠷ᠎ᠠ ᠶᠢᠨ 18 ᠤ ᠡᠳᠦᠷ᠂ 3 ᠡᠳᠦᠷ ᠤᠨ ᠬᠤᠭᠤᠴᠠᠭ᠎ᠠ ᠲᠠᠢ ᠶᠢᠰᠦᠳᠦᠭᠡᠷ ᠬᠤᠭᠤᠴᠠᠭᠠᠨ ᠤ | ᠳᠤᠮᠳᠠᠳᠤ ᠤᠯᠤᠰ ᠤᠨ ᠣᠯᠠᠨ ᠤᠯᠤᠰ ᠤᠨ ᠢᠳᠡᠭᠡᠨ ᠵᠢᠴᠢ ᠮᠠᠲ᠋ᠧᠷᠢᠶᠠᠯ ᠤᠨ ᠦᠵᠡᠰᠬᠦᠯᠡᠩ ᠤᠨ ᠴᠤᠭᠯᠠᠭᠠᠨ ᠵᠢᠴᠢ ᠭᠤᠷᠪᠠᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠣᠯᠠᠨ ᠤᠯᠤᠰ ᠤᠨ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠳ᠋ᠦᠩ ᠭᠤᠸᠠᠨ | ᠬᠤᠲᠠ ᠳᠤ ᠡᠬᠢᠯᠡᠪᠡ᠃ ᠬᠥᠬᠡᠬᠤᠲᠠ ᠶᠢᠨ ᠣᠨᠴᠠᠯᠢᠭᠲᠤ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠠᠵᠤ ᠠᠬᠤᠶᠢᠯᠠᠯ ᠲᠦᠪᠯᠡᠷᠡᠨ ᠲᠤᠳᠤᠷᠠᠵᠠᠢ᠃ | ᠦᠵᠡᠰᠬᠦᠯᠡᠩ ᠤᠨ ᠬᠤᠭᠤᠴᠠᠭᠠᠨ ᠳᠤ᠂ ᠤᠷᠤᠨ ᠤ ᠲᠥᠪ ᠬᠤᠲᠠ ᠶᠢᠨ ᠬᠢᠨ ᠦᠴᠤᠸᠠᠨ ᠤ ᠶᠤᠤᠮᠠᠢ᠂ ᠦᠴᠤᠸᠠᠨ ᠤ ᠨᠣᠶᠢᠯ ᠪᠤᠭᠤᠳᠠᠢ᠂ | ᠴᠢᠴᠠᠷᠭᠠᠨ᠎ᠠ ᠵᠡᠷᠭᠡ ᠤᠨᠴᠠᠯᠢᠬᠳᠤ ᠠᠵᠤ ᠦᠢᠯᠡᠰ ᠤᠨ ᠲᠣᠭᠤᠷᠢᠨ ᠳᠤ 30 ᠭᠠᠷᠤᠢ ᠵᠦᠢᠯ ᠤᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ | ᠲᠥᠪᠯᠡᠷᠡᠭᠦᠯᠦᠨ ᠳᠡᠯᠭᠡᠨ ᠦᠵᠡᠭᠦᠯᠪᠡ᠃ ᠬᠡᠷᠡᠭᠯᠡᠭᠴᠢᠳ ᠤᠨ ᠬᠤᠳᠠᠯᠳᠤᠨ ᠠᠪᠬᠤ ᠤᠶᠢᠯᠠᠭᠠᠯᠲᠠ ᠶᠢ ᠴᠢᠩᠭᠠᠳᠬᠠᠬᠤ ᠶᠢᠨ ᠲᠥᠯᠥᠭᠡ᠂ ᠲᠤᠬᠠᠶ ᠶᠢᠨ | ᠲᠠᠯᠠᠪᠤᠷ ᠲᠤ ᠪᠠᠰᠠ ᠢᠳᠡᠭᠡᠨ ᠤ ᠵᠦᠢᠯ ᠢ ᠠᠮᠲᠠᠯᠠᠵᠤ ᠬᠢᠨᠠᠬᠤ ᠭᠤᠭᠴᠤᠭ᠎ᠠ ᠲᠤᠬᠢᠷᠠᠭᠤᠯᠵᠤ᠂ ᠦᠵᠡᠰᠬᠦᠯᠡᠩ ᠳᠤ ᠤᠷᠤᠯᠴᠠᠭᠰᠠᠳ ᠢ ᠤᠷᠢᠵᠤ | ᠬᠥᠬᠡᠬᠤᠲᠠ ᠶᠢᠨ ᠠᠮᠲᠠᠲᠤ ᠢᠳᠡᠭᠡᠨ ᠢ ᠦᠨ᠎ᠡ ᠲᠥᠯᠥᠪᠦᠷᠢ ᠥᠬᠡᠶ ᠪᠠᠷ ᠠᠮᠲᠠᠯᠠᠭᠤᠯᠵᠤ᠂ ︽ᠴᠡᠯᠡᠭᠡᠷ ᠲᠠᠯ᠎ᠠ ᠶᠢᠨ ᠦᠨᠦᠷ ᠠᠮᠲᠠ︾ ᠶᠢ ᠣᠶᠢᠯᠠᠭᠠᠭᠤᠯᠪᠠ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠤ ᠬᠡᠪᠴᠢᠶ᠎ᠡ 50000 ᠲᠡᠭᠰᠢ ᠳᠥᠷᠪᠡᠯᠵᠢᠨ ᠮᠧᠲᠷ ᠬᠦᠷᠴᠦ᠂ | ᠨᠡᠶᠢᠲᠡ 3000 ᠪᠠᠷᠢᠮᠵᠢᠶᠠᠲᠤ ᠦᠵᠡᠭᠦᠯᠦᠯᠭᠡ ᠶᠢᠨ ᠪᠠᠶᠢᠷᠢ ᠲᠤᠬᠢᠷᠠᠭᠤᠯᠵᠠᠢ᠃ |