ᠭᠦᠭᠡᠬᠤᠳᠠ ᠶᠢᠨ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠰᠣᠶᠣᠯ ᠵᠢᠭᠤᠯᠴᠢᠯᠠᠯ ᠤᠨ ᠠᠭᠤᠰᠤᠯᠴᠠᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠣᠷᠴᠢᠮᠬᠠᠨ ᠭᠦᠭᠡᠬᠤᠳᠠ ᠳᠤ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠬᠢᠵᠦ᠂ ᠲᠤᠬᠠᠢ ᠶᠢᠨ ᠲᠠᠯᠠᠪᠠᠶ ᠳᠤ 100 | ᠭᠠᠷᠤᠢ ᠨᠢᠭᠡᠴᠢ ᠲᠠᠢ ᠬᠠᠮᠲᠤᠷᠠᠨ ᠠᠵᠢᠯᠯᠠᠬᠤ ᠭᠡᠷ᠎ᠡ ᠲᠣᠭᠲᠠᠵᠠᠢ᠃ ᠡᠨᠡ ᠪᠣᠯ ᠪᠦᠭᠦ ᠣᠷᠣᠨ ᠤ ᠠᠩᠬᠠᠳᠠᠭᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠪᠣᠯᠣᠨ᠎ᠠ᠃ | ᠳᠠᠯᠠᠨ ᠬᠠᠷ᠎ᠠ ᠠᠭᠤᠯᠠ ᠶᠢᠨ ᠡᠮᠦᠨ᠎ᠡ ᠬᠤᠷᠮᠣᠢ ᠳᠤ ᠪᠠᠶᠢᠷᠢᠯᠠᠵᠤ ᠪᠠᠶᠢᠭ᠎ᠠ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ | 7 ᠵᠢᠯ ᠤᠨ ᠬᠥᠭᠵᠢᠯᠲᠡ ᠪᠠᠷ ᠳᠠᠮᠵᠢᠨ ᠪᠦᠭᠦ ᠤᠯᠤᠰ ᠤᠨ ᠠᠩᠬᠠᠳᠠᠭᠴᠢ ᠪᠣᠳᠠᠰ ᠤᠨ ᠪᠤᠰᠤ ᠰᠣᠶᠣᠯ ᠤᠨ ᠥᠪ ᠤᠨ ᠵᠠᠳᠠᠭᠠᠢ ᠮᠦᠽᠧᠢ ᠶᠢ ᠪᠠᠶᠢᠭᠤᠯᠤᠭᠰᠠᠨ | ᠪᠥᠭᠡᠳ︽ᠡᠯᠢᠭᠡᠨ ᠨᠤᠲᠤᠭ ᠥᠪᠥᠷ ᠮᠣᠩᠭᠤᠯ︾ ᠭᠡᠬᠦ ᠲᠣᠮᠣ ᠭᠡᠯᠪᠡᠷᠢ ᠶᠢᠨ ᠪᠣᠳᠠᠲᠤ ᠦᠵᠡᠭᠳᠡᠯᠲᠦ ᠵᠦᠴᠦᠭᠡ ᠶᠢ ᠵᠣᠬᠢᠶᠠᠨ ᠪᠦᠲᠦᠭᠡᠪᠡ᠃ ᠲᠣᠰ ᠵᠦᠴᠦᠭᠡ ᠨᠢ | ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠰᠣᠳᠣᠨ ᠪᠦᠲᠦᠭᠡᠯ ᠢ ᠲᠡᠳᠬᠦᠨ ᠳᠡᠮᠵᠢᠬᠦ ᠲᠥᠷᠥᠯ ᠵᠦᠢᠯ ᠳᠤ ᠰᠣᠩᠭᠤᠭᠳᠠᠨ ᠣᠷᠣᠵᠤ᠂ 100 ᠭᠠᠷᠤᠢ | ᠲᠠᠯᠠᠪᠠᠶ ᠲᠣᠭᠯᠠᠨ᠂ ᠲᠠᠯ᠎ᠠ ᠨᠤᠲᠤᠭ ᠤᠨ ᠰᠣᠶᠣᠯ ᠤᠨ ᠣᠭᠢ ᠰᠣᠳᠣ ᠶᠢ ᠳᠡᠯᠭᠡᠨ ᠦᠵᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠳᠡᠯᠭᠡᠷ ᠮᠠᠭᠲᠠᠭᠠᠯ | ᠰᠠᠶᠢᠰᠢᠶᠠᠯ ᠢ ᠣᠯᠵᠠᠢ᠃ ᠤᠳᠤ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠨᠢ ᠭᠦᠭᠡᠬᠤᠳᠠ ᠶᠢᠨ ︽ᠨᠢᠭᠡ ᠬᠤᠩᠭᠢᠯ᠂ | ᠬᠤᠶᠠᠷ ᠲᠡᠩᠭᠡᠯᠢᠭ᠂ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠴᠢᠬᠤᠯᠠ ᠪᠦᠷᠢᠯᠳᠦᠭᠦᠨ ᠬᠡᠰᠡᠭ | ᠪᠣᠯᠤᠭᠰᠠᠨ ᠤᠮᠠᠷᠠᠲᠤ ᠬᠢᠯᠢ ᠶᠢᠨ ᠰᠣᠶᠣᠯ ᠤᠨ ᠭᠠᠶᠢᠬᠠᠮᠰᠢᠭ ᠢ ᠢᠯᠡᠷᠡᠭᠦᠯᠬᠦ ᠣᠨᠴᠠᠯᠢᠭᠲᠤ ᠰᠣᠶᠣᠯ ᠵᠢᠭᠤᠯᠴᠢᠯᠠᠯ ᠤᠨ ᠪᠡᠯᠭᠡ ᠲᠡᠮᠳᠡᠭ ᠪᠣᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠳᠤ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠰᠣᠶᠣᠯ ᠵᠢᠭᠤᠯᠴᠢᠯᠠᠯ ᠤᠨ ᠠᠭᠤᠰᠤᠯᠴᠠᠯ ᠢ | ᠲᠠᠰᠤᠷᠠᠯᠳᠠ ᠦᠭᠡᠢ ᠠᠬᠢᠭᠤᠯᠤᠨ᠂ ᠭᠦᠭᠡᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠣᠣᠷ᠎ᠠ | ᠰᠣᠶᠣᠯ ᠤᠨ ᠠᠭᠤᠯᠭ᠎ᠠ ᠶᠢ ᠴᠢᠨᠠᠷᠵᠢᠭᠤᠯᠬᠤ ᠪᠠ ᠦᠢᠯᠡᠴᠢᠯᠡᠭᠡ ᠶᠢ ᠲᠠᠰ ᠳᠡᠪᠰᠢᠭᠦᠯᠬᠦ ᠪᠠᠷ ᠴᠥᠬᠦᠷᠡᠰᠢ ᠦᠭᠡᠢ ᠴᠢᠷᠮᠠᠶᠢᠵᠤ᠂ ︽ᠵᠢᠭᠤᠯᠴᠢᠯᠠᠯ + | ᠰᠤᠳᠤᠯᠤᠨ ᠰᠤᠷᠤᠯᠴᠠᠬᠤ︾ ᠪᠡᠶᠡᠴᠢ ᠣᠶᠢᠯᠠᠭᠠᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ᠂ ᠰᠣᠶᠣᠯ ᠤᠨ ᠨᠢᠭᠤᠴᠠ ᠶᠢ ᠬᠠᠶᠢᠬᠤ᠂ | ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠣᠨᠴᠠᠯᠢᠭᠲᠤ ᠠᠭᠤᠯᠭ᠎ᠠ ᠶᠢ ᠰᠢᠰᠲ᠋ᠧᠮ ᠲᠠᠢ ᠡᠮᠬᠢᠯᠡᠨ | ᠨᠡᠶᠢᠳᠬᠡᠵᠦ᠂ ᠣᠷᠣᠨ ᠨᠤᠲᠤᠭ ᠤᠨ ᠣᠨᠴᠠᠯᠢᠭ ᠢ ᠪᠠᠷᠢᠮᠲᠠᠯᠠᠨ᠂ ᠤᠯᠠᠮᠵᠢᠯᠠᠯᠲᠤ ᠰᠣᠶᠣᠯ ᠢ ᠭᠦᠨᠵᠡᠭᠡᠢ ᠠᠭᠤᠳᠠᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ | ᠶᠢ ᠳᠡᠯᠭᠡᠨ ᠦᠵᠡᠭᠦᠯᠵᠦ᠂ ᠠᠯᠬᠤᠮ ᠠᠯᠬᠤᠮ ᠢᠶᠠᠷ ᠭᠡᠯᠪᠡᠷᠢ ᠪᠠᠨ ᠬᠤᠪᠢᠷᠠᠭᠤᠯᠤᠭᠰᠠᠨ ᠠᠴᠠ ᠨᠢᠭᠡᠨᠲᠡ ᠰᠣᠶᠣᠯ ᠵᠢᠭᠤᠯᠴᠢᠯᠠᠯ ᠤᠨ ᠨᠡᠷᠡᠳᠦ ᠦᠵᠡᠮᠵᠢ ᠶᠢᠨ | ᠣᠷᠣᠨ ᠪᠣᠯᠵᠠᠢ᠃ | | | | | |