2025 ᠣᠨ ᠳᠤ᠂ ᠪᠦᠭᠦ ᠤᠯᠤᠰ ᠤᠨ ᠲᠦᠷᠦᠭᠦᠸ ᠪᠦᠯᠦᠭ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠷᠰᠢᠯᠲᠠ ᠶᠢᠨ ᠲᠣᠭᠤᠷᠢᠭ ᠪᠣᠯᠤᠭᠰᠠᠨ ᠤ | ᠬᠤᠪᠢ ᠳᠤ᠂ ᠭᠦᠭᠡᠬᠤᠲᠠ ᠶᠢᠨ ᠰᠠᠶᠢᠬᠠᠨ ᠲᠣᠭᠤᠷᠢᠭ ᠨᠢ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠰᠢᠨ᠎ᠡ ᠦᠷ᠎ᠡ | ᠪᠦᠳᠦᠮᠵᠢ ᠣᠯᠪᠠ᠃ ᠰᠠᠶᠢᠬᠠᠨ ᠲᠣᠭᠤᠷᠢᠭ ︽1146︾ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠬᠤ ᠪᠠᠷ ᠳᠡᠮᠵᠢᠨ᠂ ᠪᠦᠭᠦ ᠲᠣᠭᠤᠷᠢᠭ | ᠲᠤ ᠬᠡᠦᠬᠡᠳ ᠤᠨ ᠴᠡᠴᠡᠷᠯᠢᠭ ᠠᠴᠠ ᠳᠤᠮᠳᠠᠳᠤ ᠪᠠᠭ᠎ᠠ ᠰᠤᠷᠭᠠᠭᠤᠯᠢ ᠬᠦᠷᠲᠡᠯᠡᠬᠢ ᠪᠦᠭᠦ ᠶᠠᠪᠤᠴᠠ ᠶᠢᠨ ᠡᠵᠡᠮᠳᠡᠯ ᠢ ᠪᠡᠶᠡᠯᠡᠭᠦᠯᠵᠦ᠂ ᠲᠤᠤᠷᠵᠢᠭᠤᠯᠤᠬᠰᠠᠨ | ᠨᠠᠷᠢᠯᠢᠭ ᠣᠨᠣᠴᠠᠲᠠᠢ ᠪᠠᠷ ᠭᠠᠷ ᠳᠦᠷᠦᠵᠦ ᠬᠠᠮᠢᠶᠠᠷᠬᠤ᠂ ᠬᠠᠭᠤᠯᠪᠤᠷᠢᠯᠠᠵᠤ ᠪᠤᠯᠬᠤ ᠰᠢᠰᠲ᠋ᠧᠮᠲᠦ ᠴᠢᠨᠠᠷᠲᠠᠢ ᠰᠢᠢᠳᠪᠦᠷᠢᠯᠡᠬᠦ ᠲᠥᠰᠥᠯ ᠢ ᠪᠦᠷᠢᠯᠳᠦᠭᠦᠯᠪᠡ᠃ | | | | | ᠨᠢᠳᠦᠨ ᠬᠠᠷᠠᠭ᠎ᠠ ᠶᠢᠨ ᠪᠠᠶᠢᠴᠠᠭᠠᠯᠲᠠ ᠬᠢᠨ᠎ᠡ | | | ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ ᠶᠢᠨ ᠬᠥᠯᠥᠨ ᠡᠮᠦᠨ᠎ᠡ ᠵᠠᠮ ᠤᠨ ᠰᠤᠷᠭᠠᠭᠤᠯᠢ ᠶᠢᠨ ᠲᠣᠭᠤᠷᠢᠭ ᠲᠤ | ᠬᠢᠲᠠᠳ ᠡᠮ ᠡᠮᠨᠡᠯᠭᠡ ᠶᠢᠨ ᠣᠨᠴᠠᠯᠢᠭᠲᠤ ᠬᠢᠴᠢᠶᠡᠯ ᠢ ᠤᠳᠤ ᠦᠶ᠎ᠡ ᠶᠢᠨ ᠠᠨᠠᠭᠠᠬᠤ ᠤᠬᠠᠭᠠᠨ ᠤ ᠤᠨᠤᠯ ᠲᠠᠢ ᠤᠶᠠᠯᠳᠤᠭᠤᠯᠵᠤ᠂︽ᠰᠡᠷᠭᠡᠭ ᠬᠠᠷᠠᠭ᠎ᠠ︾ | ᠬᠦᠷᠦᠯᠴᠡᠬᠦ ᠦᠭᠡᠢ ᠨᠢᠳᠦᠨ ᠤ ᠡᠷᠡᠭᠦᠯᠵᠢᠯ ᠤᠨ ᠲᠠᠮᠢᠷ ᠢ ᠡᠭᠦᠳᠦᠨ ᠨᠠᠶᠢᠷᠠᠭᠤᠯᠵᠠᠢ᠃ ᠡᠨᠡ ᠨᠢ ᠬᠡᠦᠬᠡᠳ ᠭᠠᠷ ᠤᠨ ᠳᠣᠬᠢᠶ᠎ᠠ ᠶᠢ ᠳᠠᠭᠠᠵᠤ ᠨᠢᠳᠦᠨ | ᠴᠡᠴᠡᠭᠡᠢ ᠪᠠᠨ ᠡᠷᠭᠢᠯᠳᠦᠭᠦᠯᠦᠨ᠂ ᠬᠤᠯᠠ ᠣᠶᠢᠷ᠎ᠠ ᠵᠠᠢ ᠠᠴᠠ ᠠᠵᠢᠭᠯᠠᠬᠤ ᠵᠡᠷᠭᠡ ᠬᠥᠳᠡᠯᠭᠡᠭᠡᠨ ᠬᠢᠬᠦ ᠪᠠᠷ ᠳᠠᠮᠵᠢᠭᠤᠯᠵᠤ ᠭᠠᠷ ᠨᠢᠳᠦᠨ ᠤ ᠵᠣᠬᠢᠴᠠᠯᠳᠤᠯ ᠪᠠ | ᠠᠩᠬᠠᠷᠤᠯ ᠢᠶᠠᠨ ᠲᠥᠪᠯᠡᠷᠡᠭᠦᠯᠬᠦ ᠴᠢᠳᠠᠪᠤᠷᠢ ᠶᠢ ᠨᠡᠮᠡᠭᠳᠡᠭᠦᠯᠳᠡᠭ᠃ ᠡᠨᠡ ᠬᠦ ᠨᠢᠳᠦᠨ ᠲᠠᠮᠢᠷ ᠨᠢ ᠪᠠᠭ᠎ᠠ ᠨᠠᠰᠤᠨ ᠤ ᠬᠡᠦᠬᠡᠳ ᠤᠨ ᠪᠠᠯᠴᠢᠷ ᠢ ᠳᠠᠷᠤᠵᠤ ᠳᠡᠶᠢᠯᠭᠦ | ᠦᠭᠡᠢ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠭᠠᠷ ᠤᠨ ᠠᠷᠢᠭᠤᠨ ᠴᠡᠪᠡᠷ ᠪᠤᠰᠤ ᠠᠴᠠ ᠪᠣᠯᠵᠤ ᠨᠢᠳᠦᠨ ᠤ ᠬᠡᠰᠡᠭ ᠤᠨ ᠬᠠᠯᠳᠠᠪᠤᠷᠢᠯᠠᠬᠤ | ᠲᠦᠭᠰᠢᠭᠦᠷᠢ ᠶᠢ ᠪᠠᠭᠠᠰᠬᠠᠵᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠳᠤ ᠰᠢᠨ᠎ᠡ ᠰᠡᠳᠬᠢᠮᠵᠢ | ᠬᠠᠩᠭᠠᠭᠰᠠᠨ ᠪᠠᠶᠢᠨ᠎ᠠ᠃ ︽ᠪᠢᠳᠡ ᠡᠨᠡ ᠬᠦ ᠨᠢᠳᠦᠨ ᠲᠠᠮᠢᠷ ᠢ ᠬᠢᠬᠦ ᠳᠤᠷᠠᠲᠠᠢ᠂ ᠬᠢᠵᠦ ᠪᠠᠷᠠᠪᠠᠯ ᠨᠢᠳᠦ ᠶᠡᠭᠡ ᠲᠣᠳᠣ ᠬᠠᠷᠠᠬᠤ ᠰᠢᠭ᠋ ᠪᠣᠯᠵᠤ ᠨᠢᠳᠦᠨ ᠤ | ᠶᠠᠳᠠᠷᠠᠭ᠎ᠠ ᠲᠠᠶᠢᠯᠤᠭᠳᠠᠳᠠᠭ︾ ᠭᠡᠵᠦ ᠲᠠᠪᠤᠳᠤᠭᠠᠷ ᠣᠨ ᠤ ᠰᠤᠷᠤᠬᠴᠢ ᠰᠢᠶᠣᠣ ᠮᠢᠩ ᠶᠠᠷᠢᠨ᠎ᠠ᠃ | ᠰᠤᠷᠤᠬᠴᠢᠳ ᠤᠨ ᠨᠡᠷᠡᠨ ᠤ ᠭᠡᠷᠡᠯ ᠳᠤ ᠬᠥᠳᠡᠯᠭᠡᠭᠡᠨ ᠬᠢᠬᠦ ᠴᠠᠭ ᠢ ᠭᠦᠢᠴᠡᠳ ᠪᠠᠲᠤᠯᠠᠬᠤ ᠪᠣᠯ︽ᠬᠤᠶᠠᠷ ᠢ ᠬᠥᠩᠭᠡᠷᠡᠭᠦᠯᠬᠦ︾ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠲᠠᠪᠤᠨ ᠵᠦᠢᠯ ᠤᠨ ᠬᠠᠮᠢᠶᠠᠷᠤᠯᠲᠠ︾ ᠶᠢ ᠴᠢᠩᠭᠠᠳᠬᠠᠬᠤ ᠶᠢᠨ ᠵᠠᠩᠭᠢᠯᠠᠭ᠎ᠠ ᠮᠥᠨ᠂ ᠪᠠᠰᠠ ᠴᠤ ᠣᠶᠢᠷ᠎ᠠ ᠬᠠᠷᠠᠭ᠎ᠠ ᠶᠢ | ᠰᠡᠷᠭᠡᠶᠢᠯᠡᠨ ᠡᠵᠡᠮᠳᠡᠬᠦ ᠴᠢᠬᠤᠯᠠ ᠨᠢᠭᠡ ᠭᠤᠭᠴᠤᠭ᠎ᠠ ᠪᠣᠯᠣᠨ᠎ᠠ᠃ ᠦᠳᠡ ᠶᠢᠨ ᠡᠮᠦᠨᠡᠬᠢ 10 ᠴᠠᠭ ᠤᠨ ᠦᠶ᠎ᠡ ᠪᠠᠷ ᠰᠢᠯᠢ ᠶᠢᠨ ᠡᠮᠦᠨ᠎ᠡ ᠵᠠᠮ ᠤᠨ ᠪᠠᠭ᠎ᠠ | ᠰᠤᠷᠭᠠᠭᠤᠯᠢ ᠶᠢᠨ ᠲᠠᠮᠢᠷ ᠤᠨ ᠳᠠᠯᠠᠪᠠᠢ ᠳᠤ ᠬᠡᠦᠬᠡᠳ ᠤᠳ ᠳᠤᠷ᠎ᠠ ᠪᠠᠷ ᠨᠠᠭᠠᠳᠴᠤ ᠲᠣᠭᠯᠠᠨ᠎ᠠ᠃ ᠳᠤᠰ ᠰᠤᠷᠭᠠᠭᠤᠯᠢ 3+1+1 ᠪᠠ 4+1 ᠶᠢᠨ | ᠬᠥᠳᠡᠯᠭᠡᠭᠡᠨ ᠤ ᠵᠠᠭᠪᠤᠷ ᠢ ᠬᠡᠷᠡᠭᠯᠡᠵᠦ᠂ ᠬᠡᠦᠬᠡᠳ ᠨᠢᠭᠡ ᠪᠦᠷᠢ ᠶᠢᠨ ᠡᠳᠦᠷ ᠪᠦᠷᠢ ᠶᠢᠨ ᠶᠡᠷᠦᠩᠬᠡᠶᠢᠯᠡᠭᠰᠡᠨ ᠪᠣᠯᠪᠠᠰᠤᠷᠠᠯ ᠤᠨ ᠴᠠᠭ ᠢ 2 ᠴᠠᠭ ᠠᠴᠠ ᠳᠤᠲᠠᠭᠤ | ᠦᠭᠡᠢ ᠪᠠᠶᠢᠯᠭᠠᠬᠤ ᠶᠢ ᠪᠠᠲᠤᠯᠠᠵᠤ ᠪᠠᠶᠢᠨ᠎ᠠ᠃ ᠰᠤᠷᠭᠠᠭᠤᠯᠢ ᠨᠢ ᠪᠠᠰᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠢᠦᠢ ᠯᠢᠩ ᠯᠢᠩ | ᠫᠷᠤᠹᠧᠰᠰᠤᠷ ᠤᠨ ︽ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ·ᠨᠢᠳᠦᠨ ᠤ ᠲᠠᠮᠢᠷ︾ ᠤᠨ ᠬᠢᠴᠢᠶᠡᠯ ᠢ ᠣᠷᠣᠭᠤᠯᠤᠨ ᠠᠪᠴᠢᠷᠠᠵᠤ᠂ ᠰᠤᠷᠤᠬᠴᠢᠳ ᠤᠨ | ᠬᠠᠷᠠᠭᠠᠨ ᠤ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠶᠢ ᠪᠦᠲᠦᠮᠵᠢᠲᠡᠶ ᠰᠠᠶᠢᠵᠢᠷᠠᠭᠤᠯᠪᠠ᠃ ︽ᠡᠳᠦᠷ ᠪᠦᠷᠢ ᠶᠢᠨ ᠲᠠᠮᠢᠷ ᠤᠨ ᠬᠥᠳᠡᠯᠭᠡᠭᠡᠨ ᠤ ᠴᠠᠭ ᠢ | ᠤᠷᠲᠤᠳᠬᠠᠭᠰᠠᠨ ᠠᠴᠠ ᠬᠡᠦᠬᠡᠳ ᠤᠨ ᠪᠡᠶ᠎ᠡ ᠮᠠᠬᠠᠪᠤᠳ ᠤᠨ ᠬᠡᠪ ᠴᠢᠨᠠᠷ ᠢᠯᠡᠳᠲᠡ ᠰᠠᠶᠢᠵᠢᠷᠠᠵᠤ᠂ ᠨᠢᠳᠦᠨ ᠤ ᠬᠠᠷᠠᠭ᠎ᠠ ᠮᠠᠭᠤᠳᠠᠬᠤ ᠪᠠᠶᠢᠳᠠᠯ ᠢ ᠢᠯᠡᠳᠲᠡ | ᠰᠠᠶᠢᠵᠢᠷᠠᠭᠤᠯᠵᠠᠢ︾ ᠭᠡᠵᠦ ᠰᠤᠷᠭᠠᠭᠤᠯᠢ ᠶᠢᠨ ᠲᠠᠮᠢᠷ ᠤᠨ ᠪᠠᠭᠰᠢ ᠸᠠᠩ ᠴᠢᠶᠠᠩ ᠬᠡᠯᠡᠨ᠎ᠡ᠃ | | | | | ᠨᠢᠳᠦᠨ ᠲᠠᠮᠢᠷ ᠬᠢᠨ᠎ᠡ | | | ᠰᠠᠶᠢᠬᠠᠨ ᠲᠣᠭᠤᠷᠢᠭ ᠤᠨ ᠬᠢᠨ ᠣᠶᠢᠷ᠎ᠠ ᠬᠠᠷᠠᠭ᠎ᠠ ᠶᠢᠨ ᠦᠨᠳᠦᠰᠦᠨ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠲᠠᠯ᠎ᠠ ᠪᠠᠷ | ᠲᠠᠰᠤᠷᠠᠯᠲᠠ ᠦᠭᠡᠢ ᠰᠢᠨ᠎ᠡ ᠶᠢ ᠡᠭᠦᠳᠴᠡᠢ᠃ ᠡᠯ᠎ᠡ ᠰᠤᠷᠭᠠᠭᠤᠯᠢ ᠬᠠᠷᠠᠭᠠᠨ ᠰᠡᠷᠡᠯ ᠤᠨ ᠣᠷᠴᠢᠨ ᠲᠣᠭᠤᠷᠢᠨ ᠢᠶᠠᠨ ᠬᠦᠴᠦᠯᠡᠨ ᠲᠡᠭᠦᠯᠳᠡᠷᠵᠢᠭᠦᠯᠵᠦ᠂ | ᠬᠢᠴᠢᠶᠡᠯ ᠤᠨ ᠭᠡᠷ ᠤᠨ ᠭᠡᠷᠡᠯ ᠭᠦᠢᠴᠡᠳ᠂ ᠭᠡᠷᠡᠯᠲᠦᠭᠦᠯᠭᠡ ᠶᠢᠨ ᠠᠷᠢᠭᠤᠨ ᠴᠡᠪᠡᠷ ᠤᠨ ᠪᠠᠷᠢᠮᠵᠢᠶ᠎ᠠ ᠳᠤ ᠬᠦᠷᠬᠦ ᠶᠢ ᠦᠨᠡᠨ ᠬᠦ ᠪᠠᠲᠤᠯᠠᠪᠠ᠃ ᠪᠦᠭᠦ | ᠲᠣᠭᠤᠷᠢᠭ ᠤᠨ 58 ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠭᠡᠷ ᠪᠣᠯᠭᠠᠨ ᠳᠤ ᠴᠥᠮ ᠨᠢᠳᠦᠨ ᠤ ᠡᠷᠡᠭᠦᠯᠵᠢᠯ ᠤᠨ ᠲᠠᠮᠢᠷ ᠤᠨ ᠲᠠᠶᠢᠯᠪᠤᠷᠢ ᠵᠢᠷᠤᠭ | ᠪᠠ ᠬᠠᠷᠠᠭᠠᠨ ᠤ ᠪᠠᠶᠢᠴᠠᠭᠠᠯᠲᠠ ᠶᠢᠨ ᠬᠦᠰᠦᠨᠦᠭ ᠨᠠᠭᠠᠵᠤ᠂ ᠪᠠᠰᠠ ᠰᠣᠷᠣᠬᠴᠢ ᠶᠢᠨ ᠪᠡᠶ᠎ᠡ ᠶᠢᠨ ᠥᠨᠳᠥᠷ ᠢ ᠦᠨᠳᠦᠰᠦᠯᠡᠨ ᠲᠣᠬᠢᠷᠠᠭᠤᠯᠵᠤ ᠪᠤᠯᠬᠤ ᠰᠢᠷᠡᠭᠡ | ᠰᠠᠨᠳᠠᠯᠢ ᠲᠣᠬᠢᠷᠠᠭᠤᠯᠵᠤ᠂ ᠰᠣᠷᠣᠬᠴᠢ ᠶᠢᠨ ᠵᠥᠪ ᠲᠡᠭᠰᠢᠬᠡᠨ ᠰᠠᠭᠤᠬᠤ ᠶᠢ ᠪᠠᠲᠤᠯᠠᠵᠤ᠂ ᠬᠠᠷᠠᠭᠠᠨ ᠤ ᠶᠠᠳᠠᠷᠠᠯ ᠢ ᠬᠥᠩᠭᠡᠷᠡᠭᠦᠯᠵᠦ᠂ ᠣᠶᠢᠷ᠎ᠠ ᠬᠠᠷᠠᠭ᠎ᠠ ᠶᠢ | ᠰᠡᠷᠭᠡᠶᠢᠯᠡᠨ ᠡᠵᠡᠮᠳᠡᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ | ︽ᠡᠷᠲᠡ ᠠᠴᠠ ᠠᠳᠬᠤᠵᠤ ᠪᠠᠭ᠎ᠠ ᠠᠴᠠ ᠨᠢ ᠠᠳᠬᠤᠵᠤ ᠵᠠᠩᠭᠢᠯᠠᠭ᠎ᠠ ᠶᠢ ᠨᠢ ᠠᠳᠬᠤᠨ᠎ᠠ︾᠃ ᠰᠠᠶᠢᠬᠠᠨ ᠲᠣᠭᠤᠷᠢᠭ ᠤᠨ ᠬᠢᠨ ᠣᠶᠢᠷ᠎ᠠ ᠬᠠᠷᠠᠭ᠎ᠠ ᠶᠢ | ᠰᠡᠷᠭᠡᠶᠢᠯᠡᠨ ᠡᠵᠡᠮᠳᠡᠬᠦ ᠪᠤᠭᠤᠮᠲᠠᠵᠢ ᠤᠷᠤᠭᠰᠢ ᠰᠢᠯᠵᠢᠭᠦᠯᠬᠦ ᠠᠵᠢᠯ ᠢ ᠶᠡᠭᠡ ᠪᠠᠷ ᠠᠬᠢᠭᠤᠯᠵᠤ᠂ 104 ᠬᠡᠦᠬᠡᠳ ᠤᠨ ᠴᠡᠴᠡᠷᠯᠢᠭ ᠤᠨ ᠶᠡᠭᠡ ᠠᠩᠭᠢ ᠶᠢᠨ | ᠬᠡᠦᠬᠡᠳ ᠲᠤ ᠬᠠᠷᠠᠭ᠎ᠠ ᠶᠢ ᠰᠢᠭᠰᠢᠨ ᠪᠠᠶᠢᠴᠠᠭᠠᠬᠤ ᠡᠯᠧᠺᠲᠷᠣᠨ ᠲᠠᠩᠰᠠ ᠡᠪᠬᠡᠮᠡᠯ ᠪᠠᠶᠢᠭᠤᠯᠵᠤ ᠥᠭᠬᠦ ᠶᠢᠨ ᠬᠠᠮᠲᠤ ᠲᠣᠬᠯᠠᠭᠠᠮᠴᠢᠯᠠᠬᠰᠠᠨ᠂ ᠢᠳᠡᠭᠡᠨ | ᠤᠮᠳᠠᠭᠠᠨ ᠳᠤ ᠭᠠᠷ ᠲᠦᠷᠦᠭᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠦᠬᠡᠳ ᠤᠨ ᠨᠢᠳᠦ ᠪᠠᠨ ᠰᠠᠶᠢᠲᠤᠷ ᠬᠡᠷᠡᠭᠯᠡᠬᠦ ᠳᠠᠳᠬᠠᠯ ᠢ ᠬᠥᠮᠥᠵᠢᠭᠦᠯᠵᠦ᠂ | ᠬᠡᠦᠬᠡᠳ ᠤᠨ ᠬᠠᠷᠠᠭ᠎ᠠ ᠶᠢ ᠰᠠᠶᠢᠲᠤᠷ ᠬᠠᠮᠠᠭᠠᠯᠠᠵᠤ ᠪᠤᠶ᠃ | 2024 ᠣᠨ ᠤ ᠰᠡᠭᠦᠯᠴᠢ ᠪᠠᠷ᠂ ᠰᠠᠶᠢᠬᠠᠨ ᠲᠣᠭᠤᠷᠢᠭ︽ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠢᠱᠢᠶᠡᠴᠢ ᠠᠩᠭᠢ︾ ᠶᠢᠨ ᠲᠤᠷᠰᠢᠯᠲᠠ ᠶᠢᠨ | ᠴᠡᠭ ᠤᠨ ᠠᠵᠢᠯ ᠢ ᠡᠬᠢᠯᠡᠭᠦᠯᠵᠡᠢ᠃ 6 ᠰᠠᠷ᠎ᠠ ᠶᠢᠨ ᠳᠣᠲᠣᠷ᠎ᠠ ᠭᠠᠷ ᠲᠦᠷᠦᠵᠦ ᠬᠠᠮᠢᠶᠠᠷᠤᠭᠰᠠᠨ ᠰᠤᠷᠤᠬᠴᠢᠳ ᠤᠨ ᠣᠶᠢᠷ᠎ᠠ ᠬᠠᠷᠠᠭ᠎ᠠ ᠶᠢᠨ ᠨᠣᠷᠮ᠎ᠠ 2.13% | ᠪᠠᠷ ᠪᠠᠭᠤᠷᠠᠵᠤ᠂ ᠵᠢᠱᠢᠶᠡᠴᠢ ᠠᠩᠭᠢ ᠶᠢᠨ ᠬᠡᠷᠡᠭᠵᠢᠭᠦᠯᠬᠦ ᠲᠥᠰᠥᠯ ᠢᠯᠡᠳᠲᠡ ᠦᠷ᠎ᠡ ᠪᠦᠲᠦᠮᠵᠢ ᠣᠯᠵᠤ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ | ᠦᠵᠡᠭᠦᠯᠦᠭᠰᠡᠨ ᠪᠠᠶᠢᠨ᠎ᠠ᠃ 2025 ᠣᠨ ᠳᠤ᠂ ᠰᠠᠶᠢᠬᠠᠨ ᠲᠣᠭᠤᠷᠢᠭ ᠨᠡᠶᠢᠳᠡ 200 ᠵᠢᠱᠢᠶᠡᠴᠢ ᠠᠩᠭᠢ᠂ ᠳᠠᠭᠤᠷᠢᠶᠠᠯ ᠦᠵᠡᠭᠦᠯᠭᠦ ᠠᠩᠭᠢ ᠶᠢ ᠪᠠᠶᠢᠭᠤᠯᠵᠤ᠂ | ᠰᠤᠷᠭᠠᠭᠤᠯᠢ ᠪᠣᠯᠭᠠᠨ ᠳᠤ ᠨᠡᠶᠢᠲᠡᠯᠢᠭ ᠵᠢᠱᠢᠶ᠎ᠡ ᠲᠠᠢ᠂ ᠠᠩᠭᠢ ᠪᠣᠯᠭᠠᠨ ᠳᠤ ᠵᠢᠱᠢᠶ᠎ᠡ ᠦᠵᠡᠭᠦᠯᠦᠭᠴᠢ ᠲᠠᠢ ᠪᠠᠶᠢᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ | | | |