ᠨᠣᠮ ᠤᠨ ᠬᠤᠷ᠎ᠠ ᠱᠠᠭᠢᠨ ᠬᠡᠦᠬᠡᠳ ᠤᠨ ᠰᠡᠳᠬᠢᠯ ᠢ ᠤᠮᠳᠠᠯᠠᠨᠠᠮ
ᠨᠡᠶᠢᠲᠡᠯᠡᠭᠰᠡᠨ ᠴᠠᠭ᠄
2025/4/21
       - ᠭᠦᠭᠡᠬᠤᠳᠠ ᠶᠢᠨ ᠡᠯ᠎ᠡ ᠰᠤᠷᠭᠠᠭᠤᠯᠢ ︽ᠳᠡᠯᠡᠬᠡᠢ ᠶᠢᠨ ᠨᠣᠮ ᠤᠩᠰᠢᠬᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ                                               ᠰᠤᠷᠭᠠᠭᠤᠯᠢ ᠶᠢᠨ ᠬᠦᠷᠢᠶᠡᠨ ᠤ ᠨᠣᠮ ᠤᠩᠰᠢᠯᠭ᠎ᠠ ᠶᠢᠨ ᠨᠠᠶᠢᠷ᠂ ᠡᠴᠢᠭᠡ ᠡᠬᠡ ᠦᠷ᠎ᠡ ᠬᠡᠦᠬᠡᠳ ᠤᠨ ᠨᠣᠮ ᠤᠩᠰᠢᠯᠭ᠎ᠠ ᠶᠢᠨ ᠦᠵᠡᠭᠦᠯᠭᠡ᠂ ᠪᠠᠭᠰᠢ ᠰᠤᠷᠤᠬᠴᠢᠳ ᠤᠨ ᠬᠠᠮᠲᠤ ᠶᠢᠨ ᠤᠩᠰᠢᠯᠭ᠎ᠠ ᠶᠢᠨ ᠠᠵᠢᠯᠯᠠᠭ᠎ᠠ ᠁ ᠭᠤᠴᠢᠳᠠᠭᠢ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠪᠠᠷ ᠭᠦᠭᠡᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠯᠠᠨ ᠭᠡᠯᠪᠡᠷᠢ ᠶᠢᠨ ︽ᠳᠡᠯᠡᠬᠡᠢ ᠶᠢᠨ ᠨᠣᠮ ᠤᠩᠰᠢᠬᠤ ᠡᠳᠦᠷ︾ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠵᠦ᠂ ᠭᠦᠭᠡᠬᠤᠳᠠ ᠶᠢᠨ ᠨᠣᠮ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠠᠬᠢᠭᠤᠯᠵᠤ᠂ ᠪᠠᠭᠰᠢ ᠨᠠᠷ ᠤᠨ ᠤᠩᠰᠢᠯᠭ᠎ᠠ ᠶᠢᠨ ᠵᠢᠯᠣᠭᠤᠳᠤᠯᠭ᠎ᠠ ᠪᠠ ᠵᠠᠯᠠᠭᠤᠴᠤᠳ ᠪᠠᠭᠠᠴᠤᠳ ᠤᠨ ᠨᠣᠮ ᠤᠩᠰᠢᠯᠭ᠎ᠠ ᠶᠢᠨ ᠤᠷᠮ᠎ᠠ ᠶᠢ ᠬᠥᠭᠵᠢᠭᠡᠵᠦ᠂ ᠪᠦᠭᠦ ᠠᠷᠠᠳ ᠤᠨ ᠨᠣᠮ ᠤᠩᠰᠢᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ  ᠪᠤᠢ ᠪᠤᠯᠭᠠᠵᠤ ᠪᠠᠶᠢᠨ᠎ᠠ᠃
ZF042103.png                    
               ᠨᠣᠮ ᠤᠩᠰᠢᠨ᠎ᠠ      ᠨᠣᠮ ᠤᠩᠰᠢᠯᠭ᠎ᠠ ᠤᠶᠤᠨ ᠢ ᠭᠡᠭᠡᠷᠡᠭᠦᠯᠵᠦ ᠤᠬᠠᠭᠠᠨ ᠢ ᠰᠠᠷᠠᠭᠤᠯᠵᠢᠭᠤᠯᠤᠨ᠎ᠠ᠃ 4 ᠰᠠᠷ᠎ᠠ ᠶᠢᠨ ᠡᠬᠢ ᠪᠠᠷ ᠭᠦᠭᠡᠬᠤᠳᠠ ᠶᠢᠨ ᠴᠥᠭᠡᠨ ᠪᠤᠰᠤ ᠰᠤᠷᠭᠠᠭᠤᠯᠢ ᠰᠤᠷᠭᠠᠭᠤᠯᠢ  ᠶᠢᠨ ᠬᠦᠷᠢᠶᠡᠨ ᠤ ᠨᠣᠮ ᠤᠩᠰᠢᠯᠭ᠎ᠠ ᠶᠢᠨ ᠠᠵᠢᠯᠯᠠᠭ᠎ᠠ ᠪᠠᠨ ᠡᠬᠢᠯᠡᠭᠦᠯᠵᠡᠢ᠃ ᠭᠦᠭᠡᠬᠤᠳᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ︽ᠨᠣᠮ ᠪᠢᠴᠢᠭ ᠤᠶᠤᠨ ᠤᠬᠠᠭᠠᠨ ᠢ ᠤᠮᠳᠠᠯᠠᠵᠤ ᠠᠮᠢᠳᠤᠷᠠᠯ ᠢ ᠭᠡᠭᠡᠷᠡᠭᠦᠯᠦᠨ᠎ᠡ︾ ᠭᠤᠣᠯ ᠰᠡᠳᠦᠪᠲᠦ ᠨᠣᠮ ᠤᠩᠰᠢᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠭᠦᠯᠵᠦ᠂ ᠣᠨ ᠨᠢᠭᠡᠴᠢ ᠬᠤᠪᠢᠶᠠᠨ ᠨᠣᠮ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠣᠮ ᠤᠨ ᠰᠠᠩ ᠤᠨ ᠨᠣᠮ ᠢᠶᠠᠨ ᠰᠢᠨᠡᠳᠬᠡᠵᠦ᠂ ᠨᠣᠮ ᠤᠩᠰᠢᠯᠭ᠎ᠠ ᠶᠢᠨ ᠦᠢᠯᠡᠴᠢᠯᠡᠭᠡ ᠪᠠᠨ ᠰᠠᠶᠢᠵᠢᠷᠠᠭᠤᠯᠪᠠ᠃ ᠰᠢᠨ᠎ᠡ ᠬᠤᠳᠠ ᠲᠣᠭᠤᠷᠢᠭ ᠤᠨ ᠪᠧᠢ ᠶᠤᠸᠠᠨ ᠪᠠᠭ᠎ᠠ ᠰᠤᠷᠭᠠᠭᠤᠯᠢ ᠶᠢᠨ ᠰᠢᠨ ᠶᠠ ᠰᠤᠷᠭᠠᠭᠤᠯᠢ ᠶᠢᠨ ᠲᠣᠭᠤᠷᠢᠭ ᠤᠨ ᠬᠢᠨ ᠰᠠᠶᠢᠨ ᠨᠣᠮ ᠲᠠᠨᠢᠯᠴᠠᠭᠤᠯᠤᠭᠴᠢ᠂ ᠡᠴᠢᠭᠡ ᠡᠬᠡ ᠦᠷ᠎ᠡ ᠬᠡᠦᠬᠡᠳ ᠤᠨ ᠬᠠᠮᠲᠤ ᠶᠢᠨ ᠨᠣᠮ ᠤᠩᠰᠢᠯᠭ᠎ᠠ᠂ ᠬᠢᠲᠠᠳ ᠦᠰᠦᠭ ᠰᠣᠨᠣᠰᠴᠤ ᠪᠢᠴᠢᠬᠦ ᠤᠷᠤᠯᠳᠤᠭᠠᠨ᠂ ᠬᠤᠪᠢᠰᠬᠠᠯ ᠤᠨ ᠦᠯᠢᠭᠡᠷ ᠶᠠᠷᠢᠬᠤ ᠤᠷᠤᠯᠳᠤᠭᠠᠨ᠂ ᠰᠣᠩᠭᠤᠳᠠᠭ ᠤᠩᠰᠢᠯᠭ᠎ᠠ ᠶᠢᠨ ᠦᠵᠡᠭᠦᠯᠭᠡ ᠵᠢᠴᠢ ᠨᠣᠮ ᠪᠢᠴᠢᠭ ᠤᠨ ᠵᠢᠷᠤᠮ ᠤᠨ ᠬᠤᠳᠠᠯᠳᠤᠭ᠎ᠠ ᠶᠢᠨ ᠴᠤᠭᠯᠠᠭ᠎ᠠ ᠵᠡᠷᠭᠡ ᠨᠣᠮ ᠤᠩᠰᠢᠬᠤ ᠰᠠᠷ᠎ᠠ ᠶᠢᠨ 6 ᠵᠦᠢᠯ ᠤᠨ ᠣᠨᠴᠠᠯᠢᠭᠲᠤ ᠠᠵᠢᠯᠯᠠᠭ᠎ᠠ ᠲᠥᠰᠥᠪᠯᠡᠵᠦ᠂ ᠰᠤᠷᠤᠬᠴᠢᠳ ᠤᠨ ᠨᠣᠮ ᠪᠢᠴᠢᠭ ᠢᠶᠠᠨ ᠬᠠᠶᠢᠷᠠᠯᠠᠬᠤ᠂ ᠨᠣᠮ ᠤᠩᠰᠢᠬᠤ ᠳᠤᠷᠠᠲᠠᠢ ᠪᠤᠯᠬᠤ ᠶᠢ ᠬᠥᠲᠥᠯᠥᠨ ᠵᠢᠯᠣᠭᠤᠳᠴᠠᠢ᠃ ᠰᠢᠨ᠎ᠡ ᠬᠤᠲᠠ ᠲᠣᠭᠤᠷᠢᠭ ᠤᠨ ᠮᠠᠨᠵᠤ ᠦᠨᠳᠦᠰᠦᠲᠡᠨ ᠤ ᠪᠠᠭ᠎ᠠ ᠰᠤᠷᠭᠠᠭᠤᠯᠢ ︽ᠰᠣᠷᠣᠬᠴᠢ ᠨᠢᠭᠡᠪᠦᠷᠢ ᠭᠡᠷᠡᠯ ᠭᠢᠯᠪᠠᠭ᠎ᠠ ᠪᠠᠨ ᠰᠠᠴᠤᠷᠠᠭᠤᠯᠬᠤ︾ ᠰᠤᠷᠭᠠᠭᠤᠯᠢ ᠡᠷᠭᠢᠯᠡᠭᠦ ᠣᠶᠢᠯᠠᠭᠠᠭᠳᠠᠬᠤᠨ ᠢᠶᠠᠷ ᠴᠢᠨᠠᠷ ᠰᠠᠶᠢᠲᠠᠢ ᠤᠩᠰᠢᠯᠭ᠎ᠠ ᠪᠠᠷ ᠭᠤᠣᠯᠯᠠᠬᠤ ᠬᠡᠪ ᠪᠣᠯᠪᠠᠰᠤᠷᠠᠯ ᠢ ᠬᠥᠮᠥᠵᠢᠭᠦᠯᠬᠦ ᠨᠢᠭᠤᠴᠠ ᠲᠦᠯᠬᠢᠭᠦᠷ ᠪᠤᠯᠭᠠᠬᠤ ᠰᠤᠷᠭᠠᠭᠤᠯᠢ ᠶᠢᠨ ᠬᠦᠷᠢᠶᠡᠨ ᠤ ᠤᠩᠰᠢᠯᠭ᠎ᠠ ᠶᠢᠨ ᠰᠢᠨ᠎ᠡ ᠠᠮᠢ ᠠᠬᠤᠢ ᠶᠢ ᠪᠤᠢ ᠪᠣᠯᠭᠠᠪᠠ᠃︽ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠰᠠᠶᠢᠵᠢᠷᠠᠭᠤᠯᠪᠠ᠃ ᠲᠦᠷᠦᠯ ᠵᠦᠢᠯ ᠢᠶᠠᠷ ᠬᠥᠳᠡᠯᠭᠡᠭᠦᠷ ᠪᠤᠯᠭᠠᠵᠤ᠂ ᠪᠦᠭᠦ ᠬᠡᠯᠬᠢᠶ᠎ᠡ ᠶᠢᠨ ᠨᠣᠮ ᠤᠩᠰᠢᠯᠭ᠎ᠠ ᠶᠢᠨ ᠰᠢᠰᠲ᠋ᠧᠮ ᠢ ᠪᠠᠶᠢᠭᠤᠯᠵᠤ᠂ 5 ᠲᠣᠮᠣ ᠲᠦᠷᠦᠯ ᠵᠦᠢᠯ ᠢᠶᠠᠷ ᠤᠩᠰᠢᠯᠭ᠎ᠠ ᠶᠢᠨ ᠴᠠᠭᠠᠷᠢᠭ ᠢ ᠪᠦᠷᠢᠯᠳᠦᠭᠦᠯᠪᠡ᠄ ︽ᠥᠷᠯᠥᠭᠡ ᠦᠳᠡ ᠶᠢᠨ ᠤᠩᠰᠢᠯᠭ᠎ᠠ + ᠬᠢᠴᠢᠶᠡᠯ ᠠᠴᠠ ᠡᠮᠦᠨᠡᠬᠢ ᠭᠤᠷᠪᠠᠨ ᠮᠢᠨᠦ᠋ᠲ︾ ᠤᠨ ᠤᠩᠰᠢᠯᠭ᠎ᠠ ᠪᠠᠷ ᠳᠠᠳᠬᠠᠯ ᠢ ᠬᠥᠮᠥᠵᠢᠭᠦᠯᠪᠡ ; ᠱᠠᠲᠤᠯᠢᠭ ᠤᠩᠰᠢᠯᠭ᠎ᠠ ᠶᠢᠨ ᠭᠠᠷ ᠳᠡᠪᠲᠡᠷ ᠢ ᠰᠤᠳᠤᠯᠤᠨ ᠨᠡᠭᠡᠭᠡᠵᠦ᠂ ᠪᠠᠭᠰᠢ ᠰᠣᠷᠣᠬᠴᠢ ᠶᠢᠨ ᠬᠠᠮᠲᠤ ᠪᠠᠷ ᠤᠩᠰᠢᠬᠤ ᠰᠢᠰᠲ᠋ᠧᠮ ᠢ ᠪᠠᠶᠢᠭᠤᠯᠪᠠ;︽ᠬᠢᠲᠠᠳ ᠬᠡᠯᠡᠨ ᠤ ᠰᠣᠨᠣᠰᠴᠤ ᠪᠢᠴᠢᠬᠦ ᠤᠷᠤᠯᠳᠤᠭᠠᠨ + ᠰᠢᠯᠦᠭ ᠳᠠᠭᠤᠯᠠᠯ ᠤᠨ ᠨᠠᠶᠢᠷ + ᠰᠢᠯᠦᠭ ᠵᠣᠬᠢᠶᠠᠯ ᠤᠨ ᠤᠩᠰᠢᠯᠭ᠎ᠠ︾ ᠶᠢᠨ ᠣᠯᠠᠨ ᠡᠰᠢᠲᠦ ᠦᠵᠡᠭᠦᠯᠭᠡ ᠶᠢᠨ ᠲᠠᠪᠴᠠᠩ ᠢ ᠪᠠᠶᠢᠭᠤᠯᠵᠤ᠂ ᠰᠤᠷᠤᠬᠴᠢᠳ ᠲᠤ ᠥᠪᠡᠷ ᠢ ᠪᠠᠨ ᠳᠡᠯᠭᠡᠨ ᠦᠵᠡᠭᠦᠯᠭᠦ ᠲᠠᠪᠴᠠᠩ ᠬᠠᠩᠭᠠᠪᠠ;︽ᠵᠢᠵᠢᠭ ᠬᠤᠳᠠᠯᠳᠤᠭ᠎ᠠ ᠮᠠᠶᠢᠮᠠᠢ︾ ᠶᠢᠨ ᠠᠵᠢᠯᠯᠠᠭ᠎ᠠ ᠪᠠᠷ ᠰᠤᠷᠤᠬᠴᠢᠳ ᠤᠨ ᠦᠰᠦᠨ ᠪᠤᠶᠢᠵᠢᠯᠳᠠ ᠶᠢ ᠠᠬᠢᠭᠤᠯᠪᠠ᠃ ᠬᠢᠴᠢᠶᠡᠯ ᠤᠨ ᠲᠠᠩᠬᠢᠮ ᠢ ᠰᠣᠶᠣᠯ ᠤᠨ ᠲᠠᠯᠠᠪᠤᠷ ᠣᠷᠳᠣᠨ ᠳᠤ ᠨᠡᠭᠦᠯᠭᠡᠵᠦ᠂ ᠤᠩᠰᠢᠯᠭ᠎ᠠ ᠶᠢ ᠠᠮᠢᠳᠤᠷᠠᠯ ᠳᠤ ᠠᠭᠤᠰᠬᠠᠵᠤ᠂ ᠤᠯᠠᠨ ᠰᠢᠨᠵᠢᠯᠡᠭᠡᠨ ᠤ ᠰᠠᠯᠠᠭ᠎ᠠ ᠶᠢᠨ ᠰᠡᠳᠬᠢᠬᠦᠢ ᠶᠢ ᠭᠦᠮᠦᠵᠢᠭᠦᠯᠪᠡ; ᠪᠦᠭᠦ ᠴᠠᠭ ᠬᠤᠭᠤᠴᠠᠭ᠎ᠠ ᠣᠷᠣᠨ ᠵᠠᠢ᠂ ᠪᠦᠭᠦ ᠭᠤᠣᠯ ᠴᠣᠭᠴᠠ ᠶᠢᠨ ᠤᠩᠰᠢᠯᠭ᠎ᠠ ᠶᠢᠨ ᠠᠬᠤᠢ ᠪᠠᠶᠢᠳᠠᠯ ᠢ ᠪᠤᠢ ᠪᠤᠯᠭᠠᠬᠤ ᠪᠠᠷ ᠳᠠᠮᠵᠢᠨ ᠤᠩᠰᠢᠯᠭ᠎ᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠦᠨ᠎ᠡ᠃      ᠰᠤᠷᠭᠠᠭᠤᠯᠢ ᠶᠢᠨ ᠬᠦᠷᠢᠶᠡᠨ ᠤ ᠨᠣᠮ ᠤᠩᠰᠢᠯᠭ᠎ᠠ ᠶᠢᠨ ᠠᠵᠢᠯᠯᠠᠭ᠎ᠠ ᠠᠴᠠ ᠭᠠᠳᠠᠨ᠎ᠠ᠂ ᠴᠥᠭᠡᠨ ᠪᠤᠰᠤ ᠰᠤᠷᠭᠠᠭᠤᠯᠢ ᠪᠠᠰᠠ ᠭᠡᠷ ᠤᠨ ᠠᠬᠠᠮᠠᠳ ᠲᠤ ︽ᠭᠡᠷ ᠪᠦᠯᠢ ᠶᠢᠨ ᠤᠩᠰᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ᠲᠠᠷᠬᠠᠭᠠᠬᠤ ᠶᠢᠨ ᠬᠠᠮᠲᠤ ᠭᠡᠷ ᠪᠦᠯᠢ ᠶᠢᠨ ᠬᠠᠮᠲᠤ ᠶᠢᠨ ᠤᠩᠰᠢᠯᠭ᠎ᠠ ᠶᠢᠨ ᠦᠵᠡᠭᠦᠯᠭᠡ ᠶᠢᠨ ᠠᠵᠢᠯᠯᠠᠭ᠎ᠠ ᠥᠷᠨᠢᠭᠦᠯᠵᠦ᠂ ᠪᠢᠴᠢᠭ ᠤᠨ ᠰᠤᠷᠪᠤᠯᠵᠢᠲᠤ ᠭᠡᠷ ᠪᠦᠯᠢ ᠶᠢ ᠰᠢᠯᠭᠠᠷᠠᠭᠤᠯᠵᠤ᠂ ᠭᠡᠷ ᠤᠨ ᠠᠬᠠᠮᠠᠳ ᠢ ᠬᠥᠲᠥᠯᠥᠨ ᠵᠢᠯᠤᠭᠤᠳᠴᠤ ᠭᠠᠷ ᠤᠲᠠᠰᠤ ᠶᠢ  ᠨᠢ ᠬᠠᠶᠠᠭᠤᠯᠤᠨ ᠨᠣᠮ ᠪᠢᠴᠢᠭ ᠦᠵᠡᠭᠦᠯᠵᠦ᠂ ᠬᠡᠦᠬᠡᠳ ᠤᠨ ᠤᠩᠰᠢᠯᠭ᠎ᠠ ᠶᠢᠨ ᠳᠠᠭᠤᠷᠢᠶᠠᠯ ᠪᠣᠯᠭᠠᠵᠠᠢ᠃ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ︽ᠭᠡᠷ ᠪᠦᠯᠢ ᠪᠠ ᠰᠤᠷᠭᠠᠭᠤᠯᠢ ᠶᠢᠨ ᠬᠠᠮᠲᠤ ᠶᠢᠨ ᠨᠣᠮ ᠤᠩᠰᠢᠯᠭ᠎ᠠ ᠪᠠᠷ ᠬᠥᠮᠥᠵᠢᠭᠦᠯᠬᠦ ᠠᠶᠠᠯᠠᠯ︾ ᠤᠨ ᠠᠵᠢᠯᠯᠠᠭ᠎ᠠ ᠬᠢᠵᠦ᠂︽ᠨᠠᠰᠤᠨ ᠲᠤᠷᠰᠢᠲᠠ ᠶᠢᠨ ᠦᠰᠦᠨ ᠪᠦᠢᠵᠢᠯᠳᠠ ᠶᠢ ᠤᠩᠰᠢᠯᠭ᠎ᠠ ᠪᠠᠷ ᠨᠥᠯᠥᠭᠡᠯᠡᠬᠦ︾ ᠭᠤᠣᠯ ᠰᠡᠳᠦᠪ ᠤᠨ ᠲᠣᠭᠤᠷᠢᠨ ᠳᠤ᠂ ᠭᠡᠷ ᠪᠦᠯᠢ ᠪᠠ ᠰᠤᠷᠭᠠᠭᠤᠯᠢ ᠶᠢᠨ ᠬᠠᠮᠲᠤ ᠶᠢᠨ ᠤᠩᠰᠢᠯᠭ᠎ᠠ ᠶᠢᠨ ᠲᠥᠰᠥᠯ ᠢ ᠨᠠᠷᠢᠨ ᠲᠠᠶᠢᠯᠪᠤᠷᠢᠯᠠᠬᠤ ᠶᠢᠨ ᠬᠠᠮᠲᠤ ᠣᠨ ᠨᠢᠭᠡᠴᠢ ᠬᠤᠪᠢᠶᠠᠭᠰᠠᠨ ᠨᠣᠮ ᠤᠨ ᠭᠠᠷᠴᠠᠭ ᠢ ᠨᠡᠶᠢᠲᠡᠯᠡᠵᠡᠢ᠃ ᠭᠡᠷ ᠤᠨ ᠠᠬᠠᠮᠠᠳ ᠴᠤ ᠥᠪᠡᠷᠮᠢᠴᠡ ᠣᠨᠴᠠᠯᠢᠭ ᠲᠠᠢ︽ᠭᠡᠷ ᠪᠦᠯᠢ ᠶᠢᠨ ᠤᠩᠰᠢᠯᠭ᠎ᠠ ᠶᠢᠨ ᠲᠥᠯᠥᠪᠯᠡᠭᠡ︾ᠲᠣᠭᠲᠠᠭᠠᠵᠤ᠂ ᠤᠩᠰᠢᠯᠭ᠎ᠠ ᠶᠢ ᠭᠡᠷ ᠪᠦᠯᠢ ᠶᠢᠨ ᠠᠮᠢᠳᠤᠷᠠᠯ ᠳᠠᠭᠠᠨ ᠠᠭᠤᠰᠬᠠᠵᠤ ᠭᠡᠷ ᠪᠦᠯᠢ ᠶᠢᠨ ᠪᠦᠷᠢᠯᠳᠦᠭᠦᠨ ᠨᠢᠭᠡᠪᠦᠷᠢ ᠶᠢᠨ ᠣᠶᠤᠨ ᠤᠬᠠᠭᠠᠨ ᠳᠤ ᠨᠣᠮ ᠤᠨ ᠭᠡᠭᠡ ᠲᠣᠳᠣᠷᠠᠭᠤᠯᠪᠠ᠃      ︽ᠭᠦᠭᠡᠬᠤᠲᠠ ᠶᠢᠨ ᠣᠶᠤᠨᠴᠢ ᠤᠩᠰᠢᠯᠭ᠎ᠠ︾ᠭᠤᠣᠯ ᠰᠡᠳᠦᠪᠲᠦ ᠨᠣᠮ ᠤᠩᠰᠢᠯᠭ᠎ᠠ ᠶᠢᠨ ᠠᠵᠢᠯᠯᠠᠭ᠎ᠠ ᠨᠢ ᠭᠦᠭᠡᠬᠤᠲᠠ ᠶᠢᠨ ᠣᠶᠤᠨᠴᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠡᠭᠡᠷ᠎ᠡ ᠤᠩᠰᠢᠯᠭ᠎ᠠ ᠶᠢᠨ ᠣᠷᠣᠨ ᠵᠠᠢ ᠭᠠᠷᠭᠠᠵᠤ᠂ ᠪᠠᠭᠰᠢ ᠰᠤᠷᠤᠬᠴᠢᠳ ᠺᠤᠮᠫᠢᠦ᠋ᠲ᠋ᠧᠷ ᠪᠠ ᠰᠢᠯᠵᠢᠮᠡᠯ ᠦᠵᠦᠭᠦᠷᠯᠢᠭ ᠢᠶᠠᠷ ᠳᠠᠮᠵᠢᠭᠤᠯᠤᠨ᠂ ᠤᠩᠰᠢᠯᠭ᠎ᠠ ᠶᠢᠨ ᠪᠦᠲᠦᠭᠡᠯ ᠢᠶᠠᠨ ᠳᠡᠪᠰᠢᠭᠦᠯᠵᠦ᠂ ᠤᠩᠰᠢᠯᠭ᠎ᠠ ᠶᠢᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ ᠪᠤᠯᠳᠠᠭ᠃ ︽ᠡᠨᠡ ᠬᠦ  ᠲᠠᠪᠴᠠᠩ ᠨᠢ ᠪᠦᠭᠦ ᠬᠤᠲᠠ ᠶᠢᠨ ᠡᠯ᠎ᠡ ᠣᠷᠣᠨ ᠪᠦᠰᠡ ᠵᠢᠴᠢ ᠰᠤᠷᠭᠠᠭᠤᠯᠢ ᠶᠢᠨ ᠪᠡᠶ᠎ᠡ ᠪᠠᠨ ᠳᠠᠭᠠᠭᠠᠨ ᠣᠯᠠᠨ ᠭᠡᠯᠪᠡᠷᠢ ᠶᠢᠨ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠠᠵᠢᠯᠯᠠᠭ᠎ᠠ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠭᠦ ᠪᠠ ᠲᠤᠷᠰᠢᠯᠭ᠎ᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠢᠴᠢᠶᠡᠯ ᠤᠨ ᠰᠢᠰᠲ᠋ᠧᠮ ᠬᠢᠭᠡᠳ ᠵᠢᠭᠠᠨ ᠰᠤᠷᠭᠠᠯᠲᠠ ᠶᠢᠨ ᠦᠢᠯᠡᠳᠦᠯᠭᠡ ᠳᠤ ᠭᠦᠨᠵᠡᠭᠡᠢ ᠠᠭᠤᠰᠤᠯᠴᠠᠬᠤ ᠪᠠᠷ ᠳᠠᠮᠵᠢᠭᠤᠯᠤᠨ᠂ ᠪᠠᠭᠰᠢ ᠰᠤᠷᠤᠬᠴᠢᠳ ᠤᠨ ᠤᠩᠰᠢᠯᠭ᠎ᠠ ᠶᠢᠨ ᠬᠡᠪ ᠪᠣᠯᠪᠠᠰᠤᠷᠠᠯ ᠬᠢᠭᠡᠳ ᠶᠡᠷᠦᠩᠬᠡᠶᠢᠯᠡᠭᠰᠡᠨ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠵᠦ᠂ ᠰᠤᠷᠭᠠᠭᠤᠯᠢ᠂ ᠨᠡᠶᠢᠭᠡᠮ᠂ ᠭᠡᠷ ᠪᠦᠯᠢ ᠭᠤᠷᠪᠠᠨ ᠲᠠᠯ᠎ᠠ ᠪᠠᠷ ᠢᠶᠠᠨ ᠬᠠᠮᠵᠢᠯᠴᠠᠨ ᠬᠠᠮᠲᠤ ᠪᠠᠷ ᠬᠥᠮᠥᠵᠢᠭᠦᠯᠬᠦ ᠬᠠᠷᠠᠯᠲᠠ ᠶᠢ ᠪᠡᠶᠡᠯᠡᠭᠦᠯᠦᠨ᠎ᠡ︾ ᠭᠡᠵᠦ ᠭᠦᠭᠡᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠲᠣᠨᠣᠭᠯᠠᠯ ᠤᠨ ᠮᠡᠷᠭᠡᠵᠢᠯ ᠤᠨ ᠰᠤᠳᠤᠯᠭᠠᠨ ᠤ ᠲᠠᠰᠤᠭ ᠤᠨ ᠳᠡᠳ᠋ ᠡᠷᠭᠢᠯᠡᠭᠴᠢ ᠶᠠᠨ ᠯᠢ ᠶᠠᠷᠢᠨ᠎ᠠ᠃      ︽︿ᠨᠣᠮ ᠢ ᠲᠦᠮᠡᠨ ᠪᠣᠳᠢ ᠤᠩᠰᠢᠪᠠᠰᠤ ᠪᠢᠷ ᠤᠨ ᠦᠵᠦᠭᠦᠷ ᠰᠢᠳᠢ ᠣᠷᠣᠰᠢᠮᠤᠢ﹀᠃ ᠨᠣᠮ ᠤᠩᠰᠢᠯᠭ᠎ᠠ ᠨᠢ ᠪᠢᠳᠡᠨ ᠤ ᠢᠲᠡᠭᠡᠯ ᠢ ᠬᠥᠪᠴᠢᠯᠡᠵᠦ ᠢᠷᠡᠭᠡᠳᠦᠢ ᠶᠢ ᠨᠡᠩ ᠭᠡᠭᠡᠨ ᠰᠠᠷᠠᠭᠤᠯ ᠪᠣᠯᠭᠠᠨ᠎ᠠ᠃︾ ᠲᠦᠷᠦᠭᠦᠬᠡᠨ ᠪᠣᠯᠤᠭᠰᠠᠨ ᠭᠦᠭᠡᠬᠤᠲᠠ ᠶᠢᠨ ᠳᠣᠯᠣᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠤᠨ ᠬᠠᠮᠲᠤ ᠶᠢᠨ ᠨᠣᠮ ᠤᠩᠰᠢᠯᠭ᠎ᠠ ᠶᠢᠨ ᠠᠵᠢᠯᠯᠠᠭ᠎ᠠ ᠶᠢᠨ ᠡᠭᠢᠯᠡᠯᠳᠡ ᠶᠢᠨ ᠶᠣᠰᠣᠯᠠᠯ ᠳᠡᠭᠡᠷ᠎ᠡ ᠭᠦᠭᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠤᠨ ᠭᠤᠷᠪᠠᠳᠤᠭᠠᠷ ᠣᠨ ᠤ ᠰᠤᠷᠤᠬᠴᠢ ᠯᠢ ᠮᠦ ᠰᠢ ᠢᠩᠭᠢᠵᠦ ᠶᠠᠷᠢᠵᠤ ᠪᠠᠶᠢᠯ᠎ᠠ᠃      ᠭᠦᠭᠡᠬᠤᠲᠠ ᠪᠠᠭᠰᠢ ᠰᠤᠷᠤᠬᠴᠢᠳ ᠤᠨ ᠬᠠᠮᠲᠤ ᠶᠢᠨ ᠤᠩᠰᠢᠯᠭ᠎ᠠ ᠶᠢᠨ ᠠᠵᠢᠯᠯᠠᠭ᠎ᠠ ᠶᠢ 2018 ᠣᠨ ᠠᠴᠠ ᠡᠬᠢᠯᠡᠨ ᠨᠢᠭᠡᠨᠲᠡ 6 ᠬᠤᠭᠤᠴᠠᠭ᠎ᠠ ᠡᠷᠭᠢᠯᠡᠵᠦ᠂ ᠨᠡᠶᠢᠲᠡ 289322 ᠬᠤᠪᠢ ᠨᠣᠮ ᠤᠩᠰᠢᠭᠰᠠᠨ ᠪᠦᠲᠦᠭᠡᠯ ᠡᠯᠰᠡᠪᠡ᠃ ᠵᠦᠪᠭᠡᠨ ᠵᠢᠷᠭᠤᠳᠤᠭᠠᠷ ᠬᠤᠭᠤᠴᠠᠭᠠᠨ ᠤ ᠨᠣᠮ ᠤᠩᠰᠢᠯᠭ᠎ᠠ ᠶᠢᠨ ᠠᠵᠢᠯᠯᠠᠭ᠎ᠠ ᠶᠢᠨ ᠲᠠᠪᠴᠠᠩ ᠢ 1530953 ᠬᠥᠮᠥᠨ ᠤᠳᠠᠭ᠎ᠠ ᠦᠵᠡᠵᠦ᠂ ᠠᠵᠢᠯᠯᠠᠭ᠎ᠠ ᠳᠤ 73370 ᠬᠥᠮᠥᠨ ᠤᠳᠠᠭ᠎ᠠ ᠣᠷᠣᠯᠴᠠᠵᠤ᠂ ᠳᠡᠪᠰᠢᠭᠦᠯᠦᠭᠰᠡᠨ ᠪᠦᠲᠦᠭᠡᠯ ᠤᠨ ᠲᠤᠭ᠎ᠠ 85057 ᠬᠤᠪᠢ ᠬᠦᠷᠴᠦ᠂ ᠤᠳᠬ᠎ᠠ ᠵᠣᠬᠢᠶᠠᠯ᠂ ᠰᠢᠨᠵᠢᠯᠡᠬᠦ ᠤᠬᠠᠭᠠᠨ᠂ ᠲᠡᠦᠬᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠰᠤᠳᠤᠯᠤᠨ ᠰᠤᠷᠤᠯᠴᠠᠬᠤ ᠦᠢᠯᠡᠳᠦᠯᠭᠡ᠂ ᠡᠴᠢᠭᠡ ᠡᠬᠡ ᠦᠷ᠎ᠡ ᠬᠡᠦᠬᠡᠳ ᠤᠨ  ᠬᠠᠮᠲᠤ ᠶᠢᠨ ᠤᠩᠰᠢᠯᠭ᠎ᠠ ᠵᠡᠷᠭᠡ ᠬᠦᠷᠢᠶ᠎ᠡ ᠶᠢ ᠬᠠᠮᠤᠷᠴᠠᠢ᠃ ᠡᠭᠦᠨ ᠤ ᠬᠠᠮᠲᠤ᠂ ᠠᠬᠤᠢ ᠳᠠᠯᠠᠪᠠᠢ ᠳᠠᠬᠢ ᠪᠠᠭᠰᠢ ᠶᠢᠨ ᠤᠩᠰᠢᠯᠭ᠎ᠠ ᠶᠢᠨ ᠵᠢᠯᠣᠭᠤᠳᠤᠯᠭ᠎ᠠ᠂ ᠪᠠᠭᠰᠢ ᠶᠢᠨ ᠨᠣᠮ ᠤᠩᠰᠢᠬᠤ ᠬᠤᠷᠠᠯ ᠵᠡᠷᠭᠡ ᠥᠪᠡᠷᠮᠢᠴᠡ ᠦᠢᠯᠡᠴᠢᠯᠡᠭᠡ ᠶᠢ ᠢᠳᠡᠪᠬᠢᠲᠡᠢ ᠥᠷᠨᠢᠭᠦᠯᠬᠦ ᠶᠢ ᠵᠣᠷᠢᠭᠵᠢᠭᠤᠯᠵᠤ᠂ ᠨᠣᠮ ᠤᠩᠰᠢᠬᠤ ᠪᠠ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠪᠡ᠃ 2023 ᠣᠨ ᠳᠤ᠂ ᠭᠦᠭᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠤᠨ ᠬᠠᠮᠲᠤ ᠶᠢᠨ ᠤᠩᠰᠢᠯᠭ᠎ᠠ ᠶᠢᠨ ᠠᠵᠢᠯᠯᠠᠭ᠎ᠠ ᠶᠢ ᠰᠤᠷᠭᠠᠨ ᠬᠥᠮᠦᠵᠢᠯ ᠤᠨ ᠶᠠᠮᠤᠨ ᠠᠴᠠ ᠪᠦᠭᠦ ᠤᠯᠤᠰ ᠤᠨ ᠵᠠᠯᠠᠭᠤ ᠪᠠᠭ᠎ᠠ ᠰᠤᠷᠤᠬᠴᠢᠳ ᠤᠨ ᠨᠣᠮ ᠤᠩᠰᠢᠬᠤ ᠠᠵᠢᠯᠯᠠᠭ᠎ᠠ ᠶᠢᠨ ᠣᠷᠣᠨ ᠪᠦᠰᠡ ᠶᠢᠨ ᠰᠢᠯᠢᠳᠡᠭ ᠵᠢᠱᠢᠶ᠎ᠡ ᠪᠠᠷ ᠦᠨᠡᠯᠡᠪᠡ᠃      ᠲᠡᠭᠷᠢ ᠶᠢᠨ ᠬᠤᠷ᠎ᠠ ᠰᠢᠪᠡᠷᠡᠵᠦ ᠲᠦᠮᠡᠨ ᠪᠣᠳᠠᠰ ᠢ ᠠᠮᠢᠯᠠᠭᠤᠯᠤᠨ᠎ᠠ᠂ ᠨᠣᠮ ᠤᠨ ᠬᠤᠷ᠎ᠠ ᠱᠠᠭᠢᠵᠤ ᠬᠡᠦᠬᠡᠳ ᠤᠨ ᠰᠡᠳᠬᠢᠯ ᠢ ᠤᠮᠳᠠᠯᠠᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ