ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ | ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠬᠡᠷᠡᠭᠲᠡᠢ︾ ᠶᠢ ᠤᠯᠠᠮᠵᠢᠯᠠᠨ | ᠰᠤᠷᠤᠯᠴᠠᠵᠤ᠂ ᠮᠠᠨ ᠤ ᠬᠤᠲᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ | ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ | ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠳᠤ ᠨᠡᠩ ᠰᠠᠶᠢᠨ | ᠦᠢᠯᠡᠴᠢᠯᠡᠬᠦ ᠬᠡᠷᠡᠭᠲᠡᠢ᠃ ᠤᠯᠠᠨ ᠠᠷᠭ᠎ᠠ ᠬᠡᠮᠵᠢᠶ᠎ᠡ ᠪᠠᠷ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠴᠦ᠂ ᠣᠷᠣᠨ ᠤ ᠲᠥᠪ ᠬᠤᠲᠠ ᠶᠢᠨ ᠲᠡᠦᠬᠡ ᠰᠣᠶᠣᠯ᠂ | ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠢ ᠢᠯᠡᠷᠡᠭᠦᠯᠦᠭᠰᠡᠨ ᠨᠢᠭᠡ ᠪᠦᠯᠦᠭ ᠨᠣᠮ᠂ ᠬᠥᠭᠵᠢᠮ᠂ ᠵᠦᠴᠦᠭᠡ ᠶᠢᠨ ᠭᠠᠷᠴᠠᠭ ᠢ ᠲᠦᠷᠭᠡᠨ ᠭᠠᠷᠭᠠᠬᠤ ᠬᠡᠷᠡᠭᠲᠡᠢ᠃ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠴᠢᠨᠠᠷ ᠰᠠᠶᠢᠲᠠᠢ ᠠᠬᠢᠭᠤᠯᠵᠤ᠂ ᠪᠦᠬᠦ ᠬᠤᠳᠠ ᠶᠢᠨ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ | ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠣᠰᠣᠭᠠᠷ᠂ ᠰᠣᠶᠣᠯ ᠤᠨ ᠥᠪ ᠢ ᠠᠮᠢᠳᠤᠯᠢᠭᠵᠢᠭᠤᠯᠤᠨ ᠠᠰᠢᠭᠯᠠᠬᠤ᠂ ᠵᠢᠭᠤᠯᠴᠢᠯᠠᠯ ᠤᠨ ᠵᠠᠮ ᠱᠤᠭᠤᠮ ᠤᠨ | ᠲᠥᠯᠥᠪᠵᠢᠭᠦᠯᠭᠡ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠳ᠋ᠠ ᠶᠣᠣ ᠵᠡᠷᠭᠡ ᠪᠠᠭᠤᠷᠢ ᠶᠢᠨ | ᠬᠠᠭᠤᠴᠢ ᠰᠤᠳᠤᠯᠤᠯ ᠤᠨ ᠠᠭᠤᠳᠠᠯᠤᠯᠲᠠ ᠪᠣᠯᠤᠨ ᠪᠠᠭᠤᠷᠢ ᠶᠢᠨ ᠴᠡᠴᠡᠷᠯᠢᠭ ᠢ ᠭᠤᠶᠤᠴᠢᠯᠠᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠯᠣᠣ ᠨᠢᠦ ᠸᠠᠨ ᠤ ᠬᠠᠳᠤᠨ | ᠭᠤᠣᠯ ᠤᠨ ᠶᠡᠭᠡ ᠬᠠᠪᠴᠢᠯ ᠢ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠣᠯᠤᠨ ᠳᠡᠯᠡᠬᠡᠢ ᠶᠢᠨ ᠪᠠᠶᠢᠭᠠᠯᠢ ᠶᠢᠨ ᠥᠪ ᠢᠶᠠᠷ ᠮᠡᠳᠡᠭᠦᠯᠵᠦ᠂ ᠤᠯᠤᠰ ᠪᠣᠯᠤᠨ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠬᠦ ᠬᠡᠷᠡᠭᠲᠡᠢ᠃ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠣᠷᠣᠨ ᠤ ᠲᠥᠪ ᠬᠤᠲᠠ ᠶᠢᠨ ᠰᠣᠶᠣᠯ ᠤᠨ ᠳᠡᠰ ᠴᠢᠳᠠᠪᠬᠢ ᠶᠢ ᠲᠦᠷᠭᠡᠨ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ | ᠪᠠᠷᠢᠮᠲᠠᠯᠠᠵᠤ᠂ ᠥᠭᠡᠷᠡᠴᠢᠯᠡᠯᠲᠡ ᠶᠢᠨ ᠰᠠᠨᠠᠭᠠᠴᠢᠯᠠᠭᠠᠲᠤ ᠴᠢᠨᠠᠷ᠂ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠢᠭᠡ ᠪᠦᠯᠦᠭ | ᠣᠷᠣᠨ ᠤ ᠲᠥᠪ ᠬᠤᠲᠠ ᠶᠢᠨ ᠣᠨᠴᠠᠯᠢᠭ ᠲᠠᠢ ᠥᠭᠡᠷᠡᠴᠢᠯᠡᠯᠲᠡ ᠶᠢᠨ ᠦᠢᠯᠡᠳᠦᠯᠭᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠳᠠᠭ᠎ᠠ ᠪᠤᠷᠤᠭᠤ ᠶᠢ ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠥᠭᠡᠷᠡᠴᠢᠯᠡᠬᠦ ᠶᠢ ᠨᠢᠭᠡ | ᠴᠤᠭᠴᠠᠵᠢᠭᠤᠯᠤᠨ ᠠᠬᠢᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠰᠠᠭᠤᠳᠠᠯ ᠳᠤ ᠰᠢᠭᠤᠳ ᠬᠠᠨᠳᠤᠵᠤ᠂ ᠪᠠᠭ᠎ᠠ ᠶᠠᠪᠤᠳᠠᠯ᠂ ᠪᠣᠳᠠᠲᠠᠢ ᠶᠠᠪᠤᠳᠠᠯ ᠠᠴᠠ ᠡᠬᠢᠯᠡᠨ | ᠥᠭᠡᠷᠡᠴᠢᠯᠡᠵᠦ᠂ ᠡᠯ᠎ᠡ ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠥᠭᠡᠷᠡᠴᠢᠯᠡᠯᠲᠡ ᠶᠢᠨ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠨᠢᠭᠡ ᠪᠦᠯᠦᠭ ᠣᠨᠴᠠᠯᠢᠭ ᠲᠠᠢ᠂ ᠦᠨ᠎ᠡ ᠦᠷᠳᠡᠭ ᠲᠠᠢ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ | ᠪᠣᠯᠬᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠦᠷᠢᠯᠳᠦᠭᠦᠯᠵᠦ᠂ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ | ᠭᠡᠵᠡᠢ᠃ | ᠬᠤᠷᠠᠯ ᠠᠴᠠ ᠮᠠᠨ ᠤ ᠬᠤᠲᠠ ᠶᠢᠨ ᠡᠯ᠎ᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠬᠤ᠂ ᠭᠤᠤᠯ ᠶᠡᠭᠡ ᠲᠠᠯ᠎ᠠ ᠳᠤ ᠰᠠᠶᠢᠲᠤᠷ ᠦᠢᠯᠡᠴᠢᠯᠡᠬᠦ᠂ | ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ ᠠᠵᠢᠯ ᠳᠤ ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |