ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2025/4/22
      ︵ᠰᠤᠷᠪᠤᠯᠵᠢᠯᠠᠭᠴᠢ ᠶᠦᠨ ᠶᠠᠨ ᠹᠠᠩ︶ ᠡᠨᠡ ᠵᠢᠯ ᠤᠨ ᠨᠢᠭᠡᠳᠦᠭᠡᠷ ᠤᠯᠠᠷᠢᠯ ᠳᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ︽ᠡᠬᠢᠯᠡᠯᠲᠡ ᠪᠣᠯ ᠳᠠᠷᠤᠢ ᠰᠢᠪᠲᠤᠯᠤᠯᠲᠠ︾ ᠶᠢᠨ ᠤᠷᠤᠭᠰᠢᠯᠠᠬᠤ ᠣᠪᠣᠷ ᠢᠶᠠᠷ᠂ ᠬᠥᠬᠡᠬᠤᠲᠠ ᠶᠢᠨ ᠭᠠᠳᠠᠭᠰᠢ ᠴᠢᠭᠯᠡᠭᠦᠯᠦᠭᠰᠡᠨ ᠠᠵᠤ ᠠᠬᠤᠶ  ᠶᠢᠨ       ︽ᠭᠤᠣᠯ ᠬᠥᠳᠡᠯᠭᠡᠭᠦᠷ︾ ᠤᠨ ᠦᠢᠯᠡᠳᠦᠯ ᠢ ᠪᠦᠬᠦ ᠲᠠᠯ᠎ᠠ ᠪᠠᠷ ᠪᠠᠳᠠᠷᠠᠭᠤᠯᠵᠤ᠂ ᠠᠷᠠᠯᠵᠢᠶᠠᠨ ᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦᠭᠦᠦ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 25.98 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 61.1% ᠪᠠᠷ ᠨᠡᠮᠡᠭᠳᠡᠵᠦ᠂ ᠪᠦᠬᠦ ᠬᠤᠲᠠ ᠶᠢᠨ ᠠᠳᠠᠯᠢ ᠬᠤᠭᠤᠴᠠᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠬᠦ ᠲᠣᠭᠠᠨ ᠤ 40% ᠶᠢ ᠡᠵᠡᠯᠡᠵᠦ᠂ ᠪᠦᠬᠦ ᠤᠯᠤᠰ ᠤᠨ ᠶᠡᠷᠦᠩᠬᠡᠢᠯᠡᠭᠰᠡᠨ ᠭᠠᠶᠢᠯᠢ ᠪᠠᠲᠤᠯᠠᠬᠤ ᠣᠷᠣᠨ ᠤ 78 ᠳ᠋ᠤᠭᠠᠷ ᠲᠤ ᠵᠢᠭᠰᠠᠭᠠᠭᠳᠠᠪᠠ᠃ ᠡᠭᠦᠨ ᠳᠤ᠂ ᠭᠠᠳᠠᠭᠠᠳᠤ ᠭᠠᠷᠭᠠᠯᠲᠠ 13.38 ᠳ᠋ᠦᠩᠰᠢᠭᠤᠷ ᠲᠥᠭᠦᠷᠢᠭ ᠬᠦᠷᠴᠦ᠂ 252.9% ᠪᠠᠷ ᠨᠡᠮᠡᠭᠳᠡᠪᠡ᠃ ᠭᠠᠳᠠᠭᠠᠳᠤ ᠣᠷᠣᠭᠤᠯᠤᠯᠲᠠ 12.6 ᠳ᠋ᠦᠩᠰᠢᠭᠤᠷ ᠲᠥᠭᠦᠷᠢᠭ ᠲᠤ ᠬᠦᠷᠴᠦ᠂ 2.1% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ 12.39 ᠳ᠋ᠦᠩᠰᠢᠭᠤᠷ ᠲᠥᠭᠦᠷᠢᠭ ᠬᠦᠷᠴᠡᠶ᠃ ᠭᠠᠶᠢᠯᠢ ᠪᠠᠲᠤᠯᠠᠬᠤ ᠡᠳ᠋ᠰᠢᠭᠦᠯᠬᠦ ᠪᠠ ᠭᠠᠶᠢᠯᠢ ᠪᠠᠲᠤᠯᠠᠬᠤ ᠪᠠᠷᠠᠭᠠᠨ ᠭᠦᠢᠯᠭᠡᠭᠡ ᠵᠡᠷᠭᠡ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 25.25 ᠳ᠋ᠦᠩᠰᠢᠭᠤᠷ ᠲᠥᠭᠦᠷᠢᠭ ᠬᠦᠷᠴᠦ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠤᠨ 97.19% ᠶᠢ ᠡᠵᠡᠯᠡᠵᠦ᠂ ᠡᠯ᠎ᠡ ᠵᠦᠢᠯ ᠤᠨ ᠲᠤᠭ᠎ᠠ ᠪᠠᠷᠢᠮᠲᠠ ᠲᠡᠦᠬᠡ ᠶᠢᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠴᠦ᠂  ᠣᠷᠣᠨ ᠤ ᠲᠦᠪ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ