​ᠭᠦᠭᠡᠬᠤᠲᠠ ᠣᠶ ᠰᠢᠭᠤᠢ ᠪᠠ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠲᠤᠰᠬᠠᠢ ᠠᠵᠢᠯᠯᠠᠭ᠎ᠠ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2025/4/22
      ᠣᠶᠢᠷ᠎ᠠ ᠳᠤ᠂ ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠤᠲᠠ᠂ ᠰᠢᠶᠠᠨ ᠬᠤᠶᠠᠷ ᠱᠠᠲᠤᠨ ᠤ ᠦᠷ᠎ᠡ ᠪᠠ ᠴᠢᠬᠢ ᠮᠣᠳᠣᠨ ᠤ ᠶᠠᠰᠤ ᠴᠢᠨᠠᠷ ᠢ ᠪᠠᠶᠢᠴᠠᠭᠠᠬᠤ ᠠᠵᠢᠯᠲᠠᠨ ᠪᠠ ᠬᠢᠵᠢᠭ ᠪᠠᠶᠢᠴᠠᠭᠠᠬᠤ ᠠᠵᠢᠯᠲᠠᠨ ᠢ ᠵᠣᠬᠢᠶᠠᠨ ᠪᠠᠶᠢᠭᠤᠯᠵᠤ ᠰᠢᠨ᠎ᠡ ᠬᠤᠲᠠ ᠲᠣᠭᠤᠷᠢᠭ ᠤᠨ ᠮᠢᠶᠠᠨ ᠫᠦ᠋ ᠶᠣᠣ ᠲᠣᠰᠬᠤᠨ ᠳᠤ ᠣᠶ ᠰᠢᠭᠤᠢ ᠪᠠ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠠᠵᠢᠯᠯᠠᠭ᠎ᠠ ᠥᠷᠨᠢᠭᠦᠯᠵᠦ᠂ ᠲᠣᠷᠤᠭ ᠮᠣᠳᠣ᠂ ᠪᠤᠲᠠᠯᠢᠭ ᠰᠥᠭᠡᠭ ᠮᠣᠳᠣᠨ ᠤ ᠣᠶ ᠶᠢᠨ ᠪᠦᠰᠡ ᠶᠢ ᠥᠭᠡᠷᠡᠴᠢᠯᠡᠬᠦ ᠲᠥᠷᠥᠯ ᠵᠦᠢᠯ ᠳᠤ ᠬᠡᠷᠡᠭᠯᠡᠬᠦ ᠴᠢᠬᠢ ᠮᠣᠳᠣ ᠶᠢ ᠲᠤᠬᠠᠢ ᠶᠢᠨ ᠭᠠᠵᠠᠷ  ᠲᠤᠨᠢ ᠰᠤᠭᠤᠴᠢᠨ ᠪᠠᠶᠢᠴᠠᠭᠠᠪᠠ᠃      ᠰᠢᠯᠭᠠᠨ ᠪᠠᠶᠢᠴᠠᠭᠠᠭᠳᠠᠭᠰᠠᠨ ᠴᠢᠬᠢ ᠮᠣᠳᠣᠨ ᠤ ᠶᠠᠰᠤ ᠴᠢᠨᠠᠷ ᠴᠥᠮ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠵᠦ᠂ ᠬᠢᠷᠢ ᠲᠡᠩᠴᠡᠭᠰᠡᠨ ᠨᠣᠷᠮ᠎ᠠ 95% ᠠᠴᠠ ᠳᠡᠭᠡᠭᠰᠢ ᠪᠠᠶᠢᠪᠠ᠃ ᠲᠣᠰ ᠤᠳᠠᠭᠠᠨ ᠤ ᠰᠤᠭᠤᠴᠢᠨ ᠪᠠᠶᠢᠴᠠᠭᠠᠬᠤ ᠠᠵᠢᠯ ᠨᠢ ᠭᠦᠭᠡᠬᠤᠲᠠ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠣᠶ ᠰᠢᠭᠤᠢ  ᠪᠠ  ᠨᠤᠲᠤᠭ ᠪᠡᠯᠴᠢᠭᠡᠷ ᠤᠨ ᠦᠷ᠎ᠡ ᠴᠢᠬᠢ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ︽ᠨᠣᠭᠤᠭᠠᠨ ᠰᠡᠯᠡᠮ᠎ᠡ 2025︾ᠠᠵᠢᠯᠯᠠᠭ᠎ᠠ ᠶᠢ ᠪᠦᠭᠦ ᠲᠠᠯ᠎ᠠ ᠪᠠᠷ ᠡᠬᠢᠯᠡᠭᠦᠯᠦᠭᠰᠡᠨ ᠢ ᠬᠠᠷᠠᠭᠤᠯᠵᠤ ᠪᠤᠢ᠃      ᠲᠣᠰ ᠤᠳᠠᠭᠠᠨ ᠤ ᠲᠤᠰᠬᠠᠢ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠥᠷᠨᠢᠭᠦᠯᠵᠦ᠂ 4 ᠰᠠᠷ᠎ᠠ  ᠠᠴᠠ 10 ᠰᠠᠷ᠎ᠠ ᠪᠤᠯᠲᠠᠯ᠎ᠠ ᠦᠷᠭᠦᠯᠵᠢᠯᠡᠡ᠂ 4 ᠰᠠᠷ᠎ᠠ ᠶᠢᠨ ᠳᠤᠮᠳᠠᠴᠢ ᠠᠴᠠ 6 ᠰᠠᠷ᠎ᠠ ᠪᠤᠯᠲᠠᠯ᠎ᠠ ᠲᠥᠪᠯᠡᠷᠡᠩᠭᠦᠢ ᠠᠵᠢᠯᠯᠠᠭᠠᠨ ᠤ ᠬᠤᠭᠤᠴᠠᠭ᠎ᠠ ᠪᠠᠶᠢᠵᠤ᠂︽ᠶᠠᠰᠤ ᠴᠢᠨᠠᠷ ᠢ ᠰᠤᠭᠤᠴᠢᠨ ᠪᠠᠶᠢᠴᠠᠭᠠᠬᠤ᠂ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ᠂ ᠠᠵᠢᠯ ᠲᠥᠷᠥᠯ ᠠᠵᠤ ᠠᠬᠤᠶᠢᠯᠠᠯ ᠢ ᠲᠤᠰᠠᠯᠠᠬᠤ᠂ ᠴᠢᠳᠠᠪᠤᠷᠢ ᠶᠢ ᠳᠡᠭᠡᠭᠰᠢᠯᠡᠭᠦᠯᠭᠦ︾ ᠳᠥᠷᠪᠡᠨ ᠶᠡᠭᠡ ᠡᠭᠦᠷᠭᠡ ᠪᠠᠷ ᠭᠤᠣᠯ ᠪᠣᠯᠭᠠᠵᠠᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ