︵ᠰᠤᠷᠪᠤᠯᠵᠢᠯᠠᠭᠴᠢ ᠴᠢ ᠰᠢᠶᠣᠣ ᠶᠠᠨ︶ ᠰᠠᠶᠢᠬᠠᠨ ᠪᠣᠭᠤᠮᠲᠠ ᠶᠢᠨ ᠪᠦᠷᠢᠳᠭᠡᠯ ᠢ ᠦᠨᠳᠦᠰᠦᠯᠡᠪᠡᠯ᠂ ᠡᠨᠡ ᠵᠢᠯ ᠤᠨ ᠨᠢᠭᠡᠳᠦᠭᠡᠷ ᠤᠯᠠᠷᠢᠯ ᠳᠤ | ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 65.1 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 37.5% ᠪᠠᠷ ᠨᠡᠮᠡᠭᠳᠡᠵᠡᠢ᠃ ᠡᠭᠦᠨ ᠳᠤ᠂ ᠭᠠᠳᠠᠭᠠᠳᠤ ᠣᠷᠣᠭᠤᠯᠤᠯᠲᠠ ᠶᠢᠨ ᠠᠷᠠᠯᠵᠢᠶᠠᠨ ᠤ ᠥᠷᠲᠡᠭ 28.2 ᠳ᠋ᠦᠩᠰᠢᠭᠤᠷ | ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 36.5% ᠪᠠᠷ ᠨᠡᠮᠡᠭᠳᠡᠪᠡ᠃ ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠥᠷᠲᠡᠭ 36.9 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 38.2 % ᠢᠶᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠬᠤ᠂ ᠭᠠᠳᠠᠭᠠᠳᠤ ᠳᠤ | ᠭᠠᠷᠭᠠᠬᠤ ᠬᠡᠪᠴᠢᠶ᠎ᠡ ᠴᠥᠮ ᠨᠡᠯᠢᠶᠡᠳ ᠲᠦᠷᠭᠡᠨ ᠨᠡᠮᠡᠭᠳᠡᠵᠦ᠂ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠬᠦᠴᠦᠷᠬᠡᠭ ᠶᠡᠭᠡ ᠤᠶᠠᠨ ᠬᠠᠳᠠᠨ ᠴᠢᠨᠠᠷ ᠢ | ᠢᠯᠡᠷᠡᠭᠦᠯᠪᠡ᠃ | ᠨᠢᠭᠡᠳᠦᠭᠡᠷ ᠤᠯᠠᠷᠢᠯ ᠳᠤ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠤᠭᠰᠠᠨ ᠭᠤᠣᠯ ᠲᠠᠸᠠᠷ ᠨᠢ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ | ᠵᠡᠷᠭᠡ ᠪᠠᠶᠢᠵᠤ᠂ ᠭᠠᠳᠠᠭᠠᠳᠤ ᠠᠴᠠ ᠣᠷᠣᠭᠤᠯᠤᠭᠰᠠᠨ ᠥᠷᠲᠡᠭ ᠨᠢ ᠲᠣᠰ ᠲᠣᠰ 9.5 ᠳ᠋ᠦᠩᠰᠢᠭᠤᠷ ᠲᠥᠭᠦᠷᠢᠭ᠂ 7.7 ᠳ᠋ᠦᠩᠰᠢᠭᠤᠷ ᠲᠥᠭᠦᠷᠢᠭ ᠪᠤᠯᠤᠨ᠎ᠠ᠃ | ᠭᠠᠳᠠᠭᠠᠳᠤ ᠳᠤ ᠭᠠᠷᠭᠠᠭᠰᠠᠨ ᠭᠤᠣᠯ ᠲᠠᠸᠠᠷ ᠨᠢ ᠦᠨᠡᠲᠦ ᠲᠡᠮᠦᠷᠯᠢᠭ ᠪᠦᠲᠦᠭᠡᠭᠳᠡᠬᠦᠨ᠂ ᠮᠠᠰᠢᠨ ᠴᠠᠬᠢᠯᠭᠠᠨ ᠤ ᠪᠦᠲᠦᠭᠡᠭᠳᠡᠬᠦᠨ᠂ ᠡᠮ ᠡᠮᠨᠡᠯᠭᠡ ᠶᠢᠨ | ᠮᠠᠲ᠋ᠧᠷᠢᠶᠠᠯ ᠵᠢᠴᠢ ᠡᠮ ᠤᠨ ᠵᠦᠢᠯ ᠵᠡᠷᠭᠡ ᠪᠠᠶᠢᠵᠤ᠂ ᠭᠠᠳᠠᠭᠠᠳᠤ ᠳᠤ ᠭᠠᠷᠭᠠᠭᠰᠠᠨ ᠥᠷᠲᠡᠭ ᠨᠢ ᠲᠣᠰ ᠲᠣᠰ 11 ᠳ᠋ᠦᠩᠰᠢᠭᠤᠷ ᠲᠥᠭᠦᠷᠢᠭ᠂ 4.4 | ᠳ᠋ᠦᠩᠰᠢᠭᠤᠷ ᠲᠥᠭᠦᠷᠢᠭ᠂ 4.3 ᠳ᠋ᠦᠩᠰᠢᠭᠤᠷ ᠲᠥᠭᠦᠷᠢᠭ ᠪᠣᠯᠣᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠪᠣᠯ | ᠬᠥᠬᠡᠬᠤᠲᠠ ᠶᠢᠨ ᠬᠠᠮᠤᠭ ᠤᠨ ᠶᠡᠭᠡ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ | ᠥᠷᠲᠡᠭ 24.6 ᠳ᠋ᠦᠩᠰᠢᠭᠤᠷ ᠲᠥᠭᠦᠷᠢᠭ ᠬᠦᠷᠴᠦ᠂ 37.8% ᠶᠢ ᠡᠵᠡᠯᠡᠪᠡ᠃ ᠧᠦ᠋ᠷᠣᠫᠠ ᠶᠢᠨ ᠬᠤᠯᠪᠣᠭ᠎ᠠ ᠲᠠᠢ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 6.9 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 19.2 % ᠢᠶᠠᠷ | ᠨᠡᠮᠡᠭᠳᠡᠪᠡ᠃ ᠳᠤᠮᠳᠠᠳᠤ ᠤᠯᠤᠰ ᠤᠨ ᠰᠢᠶᠠᠩᠭᠠᠩ᠂ ᠠᠮᠧᠷᠢᠺᠠ᠂ ᠰᠢᠨ᠎ᠡ ᠽᠢᠯᠠᠨᠳ᠋᠂ ᠮᠣᠩᠭᠤᠯ ᠤᠯᠤᠰ ᠨᠢ ᠭᠤᠤᠯ ᠪᠤᠯᠬᠤ ᠠᠷᠠᠯᠵᠢᠶᠠᠨ ᠤ ᠤᠯᠤᠰ ᠪᠠ ᠭᠠᠵᠠᠷ | ᠣᠷᠣᠨ ᠪᠣᠯᠤᠭᠰᠠᠨ ᠤ ᠬᠤᠪᠢ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ ᠨᠢ ᠲᠣᠰ ᠲᠣᠰ 23.5 | ᠳ᠋ᠦᠩᠰᠢᠭᠤᠷ ᠲᠥᠭᠦᠷᠢᠭ᠂ 6.2 ᠳ᠋ᠦᠩᠰᠢᠭᠤᠷ ᠲᠥᠭᠦᠷᠢᠭ᠂ 5.7 ᠳ᠋ᠦᠩᠰᠢᠭᠤᠷ ᠲᠥᠭᠦᠷᠢᠭ᠂ 4.2 ᠳ᠋ᠦᠩᠰᠢᠭᠤᠷ ᠲᠥᠭᠦᠷᠢᠭ ᠪᠣᠯᠤᠨ᠎ᠠ᠃ ᠡᠭᠦᠨ ᠤ | ᠬᠠᠮᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠨᠢᠭᠡᠳᠦᠭᠡᠷ ᠲᠣᠮᠣ ᠭᠤᠤᠯ ᠴᠣᠭᠴᠠ ᠮᠥᠨ᠂ | ᠨᠢᠭᠡᠳᠦᠭᠡᠷ ᠤᠯᠠᠷᠢᠯ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 50.4 ᠳ᠋ᠦᠩᠰᠢᠭᠤᠷ ᠲᠥᠭᠦᠷᠢᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ 56.9% ᠪᠠᠷ ᠨᠡᠮᠡᠭᠳᠡᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ ᠥᠷᠲᠡᠭ ᠤᠨ 77. | 4% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.7 ᠵᠠᠭᠤᠨ ᠤ ᠨᠢᠭᠡᠴᠢ ᠳᠡᠭᠡᠭᠰᠢᠯᠡᠵᠦ᠂ ᠬᠥᠬᠡᠬᠤᠲᠠ ᠶᠢᠨ ᠭᠠᠳᠠᠭᠠᠳᠤ | ᠠᠷᠠᠯᠵᠢᠶᠠᠨ ᠤ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠪᠣᠯᠪᠠ᠃ | |