ᠾᠧ ᠬᠠᠢ ᠳ᠋ᠦᠩ ᠤᠷᠤᠯᠴᠠᠵᠠᠢ | ︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 23 ᠤ ᠡᠳᠦᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠴᠠᠬᠢᠯᠭᠠᠨ | ᠬᠤᠯᠪᠣᠭᠠᠨ ᠤ ᠺᠸᠠᠨ᠋ᠲ ᠤᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠺᠸᠠᠨ᠋ᠲ ᠤᠨ ᠠᠵᠤ ᠦᠢᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ | ᠲᠥᠷᠥᠯ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠺᠸᠠᠨ᠋ᠲ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦᠶ ᠫᠢᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠭᠰᠠᠨ ᠪᠥᠭᠡᠳ ᠠᠵᠢᠯ ᠤᠨ ᠶᠠᠷᠢᠯᠴᠠᠬᠤ ᠬᠤᠷᠠᠯ ᠬᠢᠪᠠ᠃ | ᠵᠥᠪᠯᠡᠯᠴᠡᠭᠡᠷ ᠢ ᠦᠨᠳᠦᠰᠦᠯᠡᠪᠡᠯ᠂ ᠲᠣᠰ ᠲᠥᠷᠥᠯ ᠵᠦᠢᠯ ᠳᠤ ᠺᠸᠠᠨ᠋ᠲ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠲᠥᠪ ᠪᠣᠯᠤᠨ | ᠺᠸᠠᠨ᠋ᠲ ᠤᠨ ᠠᠮᠤᠷ ᠲᠦᠪᠰᠢᠨ ᠤ ᠢᠲᠡᠭᠡᠮᠵᠢᠲᠦ ᠡᠨᠧᠷᠭᠢ ᠣᠯᠭᠤᠬᠤ ᠰᠠᠭᠤᠷᠢᠨ ᠭᠠᠵᠠᠷ ᠢ ᠲᠥᠯᠥᠪᠵᠢᠭᠦᠯᠦᠨ ᠪᠠᠶᠢᠭᠤᠯᠵᠤ᠂ ᠬᠥᠬᠡᠬᠤᠲᠠ ᠶᠢ ᠪᠥᠬᠦ ᠤᠯᠤᠰ ᠤᠨ ᠲᠡᠷᠢᠭᠦᠨ ᠤ | ᠺᠸᠠᠨ᠋ᠲ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠤᠲᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ | ᠬᠤᠲᠠ ᠶᠢᠨ ᠳᠡᠳ᠋ ᠳᠠᠷᠤᠭ᠎ᠠ ᠲᠠᠯ᠎ᠠ ᠣᠷᠣᠯᠴᠠᠪᠠ᠃ |