︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 23 ᠤ ᠡᠳᠦᠷ᠂ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ | ᠶᠢ ᠨᠡᠷᠡᠶᠢᠳᠬᠦ ᠶᠡᠭᠡ ᠬᠤᠷᠠᠯ ᠪᠡᠭᠡᠵᠢᠩ ᠳᠤ ᠬᠤᠷᠠᠯᠳᠤᠵᠤ᠂ ᠬᠥᠬᠡᠬᠤᠲᠠ ᠠᠷᠪᠠ ᠤᠳᠠᠭ᠎ᠠ ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠲᠠ︾ ᠪᠠᠷ ᠨᠡᠷᠡᠶᠢᠳᠦᠭᠳᠡᠪᠡ᠃ | ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠥᠬᠡᠬᠤᠲᠠ ᠶᠢᠨ ᠰᠡᠷᠭᠡᠶᠢᠯᠡᠯᠲᠡ ᠶᠢᠨ | ᠲᠣᠭᠤᠷᠢᠭ ᠨᠢ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠥᠭᠦᠯᠡᠯᠲᠡ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ | ᠬᠠᠷᠠᠭᠠᠯᠵᠠᠬᠤ ᠠᠵᠢᠯ ᠢ ᠯᠠᠪᠳᠠᠭᠤᠨ ᠪᠠᠲᠤᠲᠠᠶ ᠬᠢᠵᠦ᠂ ᠴᠡᠷᠢᠭ ᠪᠠ ᠴᠡᠷᠢᠭ ᠤᠨ ᠬᠡᠷ ᠪᠦᠯᠢ ᠶᠢᠨ ᠢᠷᠠᠭᠤ ᠠᠯᠳᠠᠷ ᠪᠠ ᠡᠷᠬᠡ ᠠᠰᠢᠭ ᠤᠨ ᠪᠠᠲᠤᠯᠠᠭ᠎ᠠ ᠶᠢ | ᠴᠢᠩᠭᠠᠳᠬᠠᠨ᠂ ᠴᠡᠷᠢᠭ ᠠᠴᠠ ᠬᠠᠯᠠᠭᠳᠠᠭᠰᠠᠳ ᠲᠤ ᠨᠥᠬᠦᠴᠡᠯ ᠪᠦᠷᠢᠯᠳᠦᠭᠦᠯᠵᠦ ᠨᠡᠶᠢᠭᠡᠮ ᠳᠡᠭᠡᠷ᠎ᠡ ᠦᠷᠭᠦᠯᠵᠢᠯᠡᠨ ᠦᠢᠯᠡᠳᠦᠯ ᠢᠶᠠᠨ ᠪᠠᠳᠠᠷᠠᠭᠤᠯᠬᠤ︾ | ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠦᠴᠢᠷ ᠴᠡᠭ ᠢ ᠠᠳᠬᠤᠨ᠂ ᠥᠪᠡᠷᠮᠢᠴᠡ ᠣᠨᠴᠠᠯᠢᠭ ᠢ ᠪᠣᠢ ᠪᠣᠯᠭᠠᠨ᠂ ᠬᠥᠭᠵᠢᠯᠲᠡ ᠶᠢ | ᠡᠷᠢᠯᠬᠢᠯᠡᠵᠦ᠂ ᠬᠤᠶᠠᠷ ᠢ ᠬᠦᠷᠢᠶᠡᠯᠡᠬᠦ ᠠᠵᠢᠯ ᠤᠨ ᠰᠡᠳᠬᠢᠮᠵᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠬᠤᠶᠠᠷ ᠢ ᠬᠦᠷᠢᠶᠡᠯᠡᠬᠦ ᠠᠵᠢᠯ ᠤᠨ ᠰᠠᠭᠤᠷᠢ ᠪᠠᠨ | ᠪᠠᠬᠢᠵᠢᠭᠦᠯᠵᠦ᠂ ᠬᠤᠶᠠᠷ ᠢ ᠬᠦᠷᠢᠶᠡᠯᠡᠬᠦ ᠭᠦᠨ ᠵᠤᠵᠠᠭᠠᠨ ᠬᠦᠭ ᠠᠮᠢᠰᠬᠤᠯ ᠢ ᠪᠣᠶ ᠪᠣᠯᠭᠠᠵᠤ᠂ ︽ᠴᠡᠷᠢᠭ ᠢ ᠪᠦᠬᠦ ᠨᠡᠶᠢᠭᠡᠮ ᠢᠶᠠᠷ ᠢᠶᠠᠨ ᠬᠦᠨᠳᠦᠳᠭᠡᠳᠡᠭ ᠠᠵᠢᠯ | ᠪᠣᠯᠭᠠᠬᠤ᠂ ᠴᠡᠷᠢᠭ ᠠᠴᠠ ᠬᠠᠯᠠᠭᠳᠠᠭᠰᠠᠳ ᠢ ᠪᠦᠬᠦ ᠨᠡᠶᠢᠭᠡᠮ ᠢᠶᠠᠷ ᠢᠶᠠᠨ ᠬᠦᠨᠳᠦᠳᠭᠡᠳᠡᠭ ᠬᠦᠮᠦᠨ︾ ᠪᠣᠯᠭᠠᠬᠤ ᠬᠠᠷᠠᠯᠲᠠ ᠶᠢ ᠴᠢᠷᠮᠠᠶᠢᠨ ᠪᠡᠶᠡᠯᠡᠭᠦᠯᠪᠡ᠃ | ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠪᠣᠯ ᠮᠠᠨ ᠤ ᠤᠯᠤᠰ ᠤᠨ ᠬᠤᠶᠠᠷ ᠢ ᠬᠦᠷᠢᠶᠡᠯᠡᠬᠦ ᠠᠵᠢᠯ ᠤᠨ ᠬᠠᠮᠤᠭ ᠤᠨ ᠳᠡᠭᠡᠳᠦ | ᠢᠷᠠᠭᠤ ᠠᠯᠳᠠᠷ ᠮᠥᠨ᠂ ᠬᠥᠬᠡᠬᠤᠲᠠ 1993 ᠣᠨ ᠳᠤ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠪᠠᠷ ᠨᠡᠷᠡᠶᠢᠳᠦᠭᠳᠡᠭᠰᠡᠨ ᠠᠴᠠ | ᠨᠠᠭᠠᠰᠢ᠂ ᠨᠢᠭᠡᠨᠲᠡ ᠵᠠᠯᠭᠠᠭ᠎ᠠ ᠪᠠᠷ ᠠᠷᠪᠠ ᠤᠳᠠᠭ᠎ᠠ ᠲᠣᠰ ᠢᠷᠠᠭᠤ ᠠᠯᠳᠠᠷ ᠢ ᠭᠥᠷᠳᠡᠪᠡ᠃ ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠴᠡᠷᠢᠭ ᠠᠷᠠᠳ | ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ︽ᠠᠮᠢᠰᠬᠤᠭ᠎ᠠ ᠪᠠᠨ | ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠨ᠂ ᠰᠡᠳᠬᠢᠯ ᠵᠢᠷᠦᠬᠡ ᠪᠠᠨ ᠬᠤᠯᠪᠣᠬᠤ︾ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠪᠠᠬᠢᠵᠢᠭᠦᠯᠦᠨ | ᠬᠥᠭᠵᠢᠭᠦᠯᠵᠦ᠂ ᠰᠢᠨ᠎ᠡ ᠴᠠᠭ ᠦᠶ᠎ᠡ ᠶᠢᠨ ︽ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ᠂ ᠴᠡᠷᠢᠭ ᠠᠷᠠᠳ ᠨᠢᠭᠡ ᠬᠡᠷ ᠤᠨ | ᠬᠥᠮᠦᠨ ᠮᠡᠲᠦ ᠳᠣᠲᠣᠨᠣ︾ ᠪᠠᠶᠢᠬᠤ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠬᠠᠭᠤᠳᠠᠰᠤ ᠶᠢ ᠬᠦᠴᠦᠯᠡᠨ ᠪᠢᠴᠢᠭᠯᠡᠨ᠎ᠡ᠃ |