ᠰᠤᠷᠭᠠᠨ ᠬᠥᠮᠦᠵᠢᠯ ᠤᠨ ᠶᠠᠮᠤᠨ 4 ᠳ᠋ᠦ᠋ᠭᠡᠷ ᠰᠠᠷ᠎ᠠ ᠶᠢᠨ 22 ᠤᠨ ᠡᠳᠦᠷ 2024 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ | ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠳᠠᠩᠰᠠᠯᠠᠯᠲᠠ ᠪᠠ ᠬᠢᠨᠠᠨ ᠵᠥᠪᠰᠢᠶᠡᠷᠡᠯ ᠤᠨ ᠳ᠋ᠦᠩ ᠢ ᠨᠡᠶᠢᠲᠡᠯᠡᠬᠦ ᠳᠤ᠂ ᠪᠥᠬᠦ ᠤᠯᠤᠰ ᠤᠨ ᠶᠡᠭᠡ ᠳᠡᠭᠡᠳᠦ | ᠰᠤᠷᠭᠠᠭᠤᠯᠢ ᠳᠤ ᠨᠡᠶᠢᠲᠡ 1839 ᠲᠤᠰᠬᠠᠢ ᠮᠡᠷᠭᠡᠵᠢᠯ ᠤᠨ ᠴᠡᠭ ᠨᠡᠮᠡᠭᠳᠡᠵᠦ᠂ 2220 ᠲᠤᠰᠬᠠᠢ ᠮᠡᠷᠭᠡᠵᠢᠯ ᠤᠨ ᠴᠡᠭ ᠲᠤ ᠰᠣᠷᠣᠭᠴᠢ ᠡᠯᠰᠡᠬᠦ ᠶᠢ ᠨᠢ | ᠵᠣᠭᠰᠣᠭᠠᠵᠤ᠂ 1428 ᠲᠤᠰᠬᠠᠢ ᠮᠡᠷᠭᠡᠵᠢᠯ ᠤᠨ ᠴᠡᠭ ᠢ ᠬᠠᠰᠤᠪᠠ᠃ | ᠰᠤᠷᠭᠠᠨ ᠬᠥᠮᠦᠵᠢᠯ ᠤᠨ ᠶᠠᠮᠤᠨ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠭᠠᠷᠴᠠᠭ ︵ | 2025 ᠣᠨ︶︾ ᠢ ᠵᠡᠷᠭᠡ ᠳᠤ ᠨᠢ ᠰᠢᠨᠡᠳᠬᠡᠨ ᠨᠡᠶᠢᠲᠡᠯᠡᠵᠦ᠂ 29 ᠵᠦᠢᠯ ᠤᠨ ᠰᠢᠨ᠎ᠡ ᠲᠤᠰᠬᠠᠢ ᠮᠡᠷᠭᠡᠵᠢᠯ ᠢ ᠨᠡᠮᠡᠨ ᠵᠢᠭᠰᠠᠭᠠᠵᠤ᠂ 2025 ᠣᠨ ᠤ ᠶᠡᠭᠡ | ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠪᠣᠯᠪᠠ᠃ ᠰᠢᠨ᠎ᠡ ᠭᠠᠷᠴᠠᠭ ᠲᠤ 93 ᠲᠤᠰᠬᠠᠢ ᠮᠡᠷᠭᠡᠵᠢᠯ ᠤᠨ ᠲᠥᠷᠥᠯ᠂ 845 ᠵᠦᠢᠯ ᠤᠨ | ᠲᠤᠰᠬᠠᠢ ᠮᠡᠷᠭᠡᠵᠢᠯ ᠢ ᠪᠠᠭᠲᠠᠭᠠᠵᠤ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠴᠢᠮ ᠬᠡᠷᠡᠭᠴᠡᠭᠡ ᠪᠠ ᠴᠢᠨᠠᠷ | ᠰᠠᠶᠢᠲᠠᠢ ᠬᠥᠭᠵᠢᠯᠲᠡ ᠳᠤ ᠲᠦᠷᠭᠡᠨ ᠨᠡᠶᠢᠴᠡᠭᠦᠯᠦᠨ ᠲᠣᠬᠢᠷᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠪᠠ᠃ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠠᠯ᠎ᠠ ᠪᠠᠷ᠂ ᠣᠷᠣᠨ ᠪᠦᠰᠡ ᠪᠠ ᠤᠯᠤᠰ ᠤᠳ ᠤᠨ ᠢᠯᠭᠠᠯ ᠤᠨ ᠤᠬᠠᠭᠠᠨ᠂ | ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠲᠡᠯᠡᠶ ᠲᠠᠩᠭᠢᠰ ᠤᠨ ᠰᠢᠨᠵᠢᠯᠡᠬᠦ ᠤᠬᠠᠭᠠᠨ ᠬᠢᠭᠡᠳ ᠲᠧᠭᠨᠢᠭ | ᠮᠡᠷᠭᠡᠵᠢᠯ᠂ ᠡᠷᠡᠭᠦᠯ ᠮᠡᠨᠳᠦ ᠬᠢᠭᠡᠳ ᠡᠮᠴᠢᠯᠡᠭᠡᠨ ᠤ ᠪᠠᠲᠤᠯᠠᠭ᠎ᠠ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠤᠰᠢᠭᠤᠷᠠᠯ ᠳᠤ ᠬᠠᠨᠳᠤᠭᠤᠯᠤᠨ᠂ ᠣᠶᠤᠨᠴᠢ ᠮᠣᠯᠧᠺᠦ᠋ᠯ ᠤᠨ ᠢᠨᠵᠧᠨᠧᠷᠢᠩ᠂ | ᠡᠮᠴᠢᠯᠡᠭᠡᠨ ᠤ ᠪᠠᠭᠠᠵᠢ ᠬᠡᠷᠡᠭᠰᠡᠯ ᠬᠢᠭᠡᠳ ᠲᠣᠨᠤᠭ ᠲᠥᠬᠦᠭᠡᠷᠦᠮᠵᠢ ᠶᠢᠨ ᠢᠨᠵᠧᠨᠧᠷᠢᠩ᠂ ᠴᠠᠭ ᠣᠷᠣᠨ ᠵᠠᠢ ᠶᠢᠨ ᠮᠡᠳᠡᠭᠡ ᠵᠠᠩᠭᠢ ᠶᠢᠨ ᠢᠨᠵᠧᠨᠧᠷᠢᠩ ᠵᠡᠷᠭᠡ | ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ | ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠤᠯᠠᠨ ᠤᠯᠤᠰ ᠤᠨ ᠰᠢᠤᠳᠠᠨ ᠤ ᠬᠥᠯᠭᠡ ᠣᠩᠭᠤᠴᠠᠨ ᠤ ᠬᠠᠮᠢᠶᠠᠷᠤᠯᠲᠠ | ᠂ ᠠᠭᠠᠷ ᠠᠶᠠᠯᠠᠯ ᠤᠨ ᠬᠥᠳᠡᠯᠭᠡᠭᠡᠨ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ | ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠣᠬᠢᠶᠠᠮᠠᠯ ᠣᠶᠣᠨ ᠢᠶᠠᠷ ᠡᠷᠴᠢᠮᠯᠡᠬᠦ ᠳᠤ ᠠᠩᠬᠠᠷᠤᠯ ᠲᠥᠪᠯᠡᠷᠡᠭᠦᠯᠵᠦ᠂ ᠵᠣᠬᠢᠶᠠᠮᠠᠯ ᠣᠶᠣᠨ ᠤ ᠰᠤᠷᠭᠠᠨ | ᠬᠥᠮᠦᠵᠢᠯ᠂ ᠣᠶᠤᠨᠴᠢ ᠠᠦ᠋ᠳᠢᠣ᠋ ᠸᠢᠳᠢᠣ᠋ ᠶᠢᠨ ᠢᠨᠵᠧᠨᠧᠷᠢᠩ᠂ ᠳ᠋ᠢᠭᠢᠲ ᠰᠢ ᠵᠦᠴᠦᠭᠡ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ | ᠣᠳᠣᠬᠠᠨ ᠳᠤ᠂ ᠪᠥᠬᠦ ᠤᠯᠤᠰ ᠤᠨ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ | ᠪᠠᠶᠢᠷᠢᠯᠠᠭᠤᠯᠤᠯᠲᠠ ᠨᠡᠶᠢᠲᠡ 6.28 ᠲᠦᠮᠡ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠪᠠ ᠠᠵᠢᠯ | ᠣᠯᠭᠤᠯᠲᠠ ᠶᠢᠨ ᠠᠵᠢᠯ ᠤᠨ ᠬᠤᠯᠪᠣᠯᠳᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢ ᠵᠢᠭᠠᠨ ᠵᠢᠯᠤᠭᠤᠳᠴᠤ ᠪᠠᠶᠢᠭᠠᠳ | ᠦᠯᠡᠳᠡᠭᠡᠯ ᠲᠤᠰᠬᠠᠢ ᠮᠡᠷᠭᠡᠵᠢᠯ ᠢ ᠨᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠬᠦ᠂ ᠡᠯ᠎ᠡ ᠬᠦᠷᠢᠶᠡᠨ ᠳᠠᠬᠢ ᠴᠢᠳᠠᠪᠤᠷᠢᠲᠠᠨ ᠤ ᠬᠡᠷᠡᠭᠴᠡᠭᠡ | ᠱᠠᠭᠠᠷᠳᠠᠯᠭ᠎ᠠ ᠪᠠᠨ ᠲᠥᠰᠥᠭᠡᠯᠡᠵᠦ ᠵᠠᠳᠠᠯᠬᠤ ᠶᠢ ᠴᠢᠩᠭᠠᠳᠬᠠᠨ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠢᠭᠡᠳ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠵᠣᠬᠢᠴᠠᠯᠳᠤᠯ ᠢ ᠲᠠᠰᠤᠷᠠᠯᠲᠠ ᠦᠭᠡᠢ ᠴᠢᠩᠭᠠᠷᠠᠭᠤᠯᠬᠤ ᠪᠣᠯᠣᠨ᠎ᠠ᠃ | | | | |