ᠬᠥᠬᠡᠬᠤᠲᠠ ᠶᠢᠨ ᠬᠤᠶᠠᠷ ᠠᠵᠤ ᠠᠬᠤᠶᠢᠯᠠᠯ ᠠᠩᠬᠠᠳᠠᠭᠴᠢ ᠪᠦᠯᠦᠭ ᠳᠤᠮᠳᠠᠳᠤ ᠤᠯᠤᠰ ᠤᠨ ᠬᠡᠷᠡᠭᠯᠡᠭᠡᠨ ᠤ ᠨᠠᠷᠠᠲᠤ ᠦᠢᠯᠡᠳᠬᠦᠨ ᠤ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2025/4/24
       ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠩᠬᠠᠳᠠᠭᠴᠢ ᠪᠦᠯᠦᠭ ᠳᠤᠮᠳᠠᠳᠤ ᠤᠯᠤᠰ ᠤᠨ ᠬᠡᠷᠡᠭᠯᠡᠭᠡᠨ ᠤ ᠨᠡᠷᠡᠲᠦ ᠦᠢᠯᠡᠳᠬᠦᠨ ᠤ ᠨᠡᠷᠡᠰ ᠢ ᠨᠡᠶᠢᠲᠡᠯᠡᠵᠦ᠂ 93 ᠠᠵᠤ ᠠᠬᠤᠶᠢᠯᠠᠯ ᠤᠨ ᠲᠥᠷᠥᠯ ᠲᠡᠮᠳᠡᠭ᠂ 43 ᠣᠷᠣᠨ ᠪᠦᠰᠡ ᠶᠢᠨ ᠲᠥᠷᠥᠯ ᠲᠡᠮᠳᠡᠭ ᠢ ᠪᠠᠭᠲᠠᠭᠠᠵᠠᠢ᠃ ᠡᠭᠦᠨ ᠳᠤ᠂ ᠬᠥᠬᠡᠬᠤᠲᠠ ᠶᠢᠨ ᠳᠡᠪᠰᠢᠭᠦᠯᠦᠭᠰᠡᠨ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠢᠳᠡᠭᠡᠨ ᠤ ᠠᠵᠢᠯ ᠲᠥᠷᠥᠯ ᠤᠨ ᠴᠠᠭ ᠦᠶ᠎ᠡ ᠶᠢᠨ ᠰᠢᠯᠢᠳᠡᠭ ᠪᠦᠲᠦᠭᠡᠭᠳᠡᠬᠦᠨ ᠢᠶᠠᠷ ᠠᠮᠵᠢᠯᠲᠠ ᠲᠠᠢ ᠰᠣᠩᠭᠤᠭᠳᠠᠪᠠ᠃      ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠠᠵᠤ ᠠᠬᠤᠶᠢᠯᠠᠯ ᠤᠨ ᠨᠠᠷᠠᠲᠤ ᠲᠡᠮᠳᠡᠭᠲᠦ᠂ ᠣᠷᠣᠨ ᠪᠦᠰᠡ ᠶᠢᠨ ᠨᠠᠷᠠᠲᠤ ᠲᠡᠮᠳᠡᠭ ᠪᠠ       ︽ᠲᠣᠭᠠᠴᠢᠯᠠᠭᠰᠠᠨ ᠭᠤᠷᠪᠠᠨ ᠪᠦᠲᠦᠭᠡᠭᠳᠡᠬᠦᠨ︾ ᠤ ᠬᠡᠷᠡᠭᠯᠡᠭᠡᠨ ᠤ ᠠᠬᠤᠢ ᠪᠠᠶᠢᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ︽ᠭᠤᠷᠪᠠᠨ ᠪᠦᠲᠦᠭᠡᠭᠳᠡᠬᠦᠨ︾ ᠤ ᠪᠠᠶᠢᠯᠳᠤᠬᠤ ᠪᠣᠳᠣᠯᠭ᠎ᠠ ᠶᠢᠨ ᠵᠢᠱᠢᠶ᠎ᠡ ᠦᠵᠡᠭᠦᠯᠬᠦ ᠬᠤᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ