ᠰᠤᠷᠪᠤᠯᠵᠢᠯᠠᠬᠴᠢ 22 ᠤᠨ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠰᠤᠷᠭᠠᠨ ᠬᠥᠮᠦᠵᠢᠯ ᠤᠨ ᠶᠠᠮᠤᠨ | 2024 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠳᠠᠩᠰᠠᠯᠠᠯᠲᠠ ᠪᠠ ᠬᠢᠨᠠᠨ ᠵᠥᠪᠰᠢᠶᠡᠷᠡᠯ ᠤᠨ | ᠦᠷ᠎ᠡ ᠳ᠋ᠦᠩ ᠢ ᠨᠡᠶᠢᠲᠡᠯᠡᠵᠦ᠂ ᠪᠦᠭᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠲᠤᠰᠬᠠᠢ ᠮᠡᠷᠭᠡᠵᠢᠯ ᠤᠨ ᠴᠡᠭ ᠢ ᠨᠡᠶᠢᠲᠡ 1839 ᠰᠢᠨ᠎ᠡ ᠪᠠᠷ | ᠨᠡᠮᠡᠭᠳᠡᠭᠦᠯᠵᠦ᠂ ᠡᠷᠳᠡᠮ ᠤᠨ ᠴᠣᠯᠠ ᠣᠯᠭᠤᠬᠤ ᠲᠥᠷᠥᠯ ᠵᠦᠢᠯ ᠪᠤᠶᠤ ᠰᠤᠷᠤᠯᠴᠠᠬᠤ ᠬᠤᠭᠤᠴᠠᠭ᠎ᠠ ᠶᠢᠨ ᠲᠤᠰᠬᠠᠢ ᠮᠡᠷᠭᠡᠵᠢᠯ ᠤᠨ ᠴᠡᠭ ᠢ 157 | ᠲᠣᠬᠢᠷᠠᠭᠤᠯᠵᠤ᠂ 2220 ᠲᠤᠰᠬᠠᠢ ᠮᠡᠷᠭᠡᠵᠢᠯ ᠤᠨ ᠴᠡᠭ ᠢ ᠵᠣᠭᠰᠣᠭᠠᠵᠤ᠂ 1428 ᠲᠤᠰᠬᠠᠢ ᠮᠡᠷᠭᠡᠵᠢᠯ ᠤᠨ ᠴᠡᠭ ᠢ ᠬᠠᠰᠤᠵᠤ᠂ ᠲᠤᠰᠬᠠᠢ ᠮᠡᠷᠭᠡᠵᠢᠯ ᠢ | ᠲᠣᠬᠢᠷᠠᠭᠤᠯᠤᠨ ᠰᠢᠯᠢᠳᠡᠭᠵᠢᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ᠃ | ᠰᠤᠷᠭᠠᠨ ᠬᠥᠮᠦᠵᠢᠯ ᠤᠨ ᠶᠠᠮᠤᠨ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠭᠠᠷᠴᠠᠭ︵2025 | ᠣᠨ︶︾ ᠢ ᠵᠡᠷᠭᠡ ᠪᠠᠷ ᠰᠢᠨᠡᠳᠬᠡᠨ ᠨᠡᠶᠢᠲᠡᠯᠡᠵᠦ᠂ 29 ᠵᠦᠢᠯ ᠤᠨ ᠰᠢᠨ᠎ᠡ ᠲᠤᠰᠬᠠᠢ ᠮᠡᠷᠭᠡᠵᠢᠯ ᠢ ᠨᠡᠮᠡᠵᠦ ᠵᠢᠭᠰᠠᠭᠠᠪᠠ᠃ ᠰᠢᠨ᠎ᠡ ᠭᠠᠷᠴᠠᠭ ᠲᠤ 93 ᠲᠤᠰᠬᠠᠢ | ᠮᠡᠷᠭᠡᠵᠢᠯ ᠤᠨ ᠲᠥᠷᠥᠯ᠂ 845 ᠲᠥᠷᠥᠯ ᠤᠨ ᠲᠤᠰᠬᠠᠢ ᠮᠡᠷᠭᠡᠵᠢᠯ ᠢ ᠪᠠᠭᠲᠠᠭᠠᠵᠤ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢᠨ ᠤᠯᠤᠰ ᠤᠨ ᠪᠠᠶᠢᠯᠳᠤᠬᠤ | ᠪᠣᠳᠣᠯᠭ᠎ᠠ ᠶᠢᠨ ᠪᠠᠴᠢᠮ ᠬᠡᠷᠡᠭᠴᠡᠭᠡ ᠪᠠ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠳᠠᠭᠠᠬᠤ ᠶᠢ ᠤᠯᠠᠮ ᠨᠢᠭᠡ ᠠᠯᠬᠤᠮ ᠴᠢᠩᠭᠠᠳᠬᠠᠪᠠ᠃ | ᠣᠶᠢᠯᠠᠭᠠᠭᠰᠠᠨ ᠢᠶᠠᠷ ᠲᠣᠰ ᠤᠳᠠᠭ᠎ᠠ ᠨᠡᠮᠡᠵᠦ ᠪᠠᠶᠢᠭᠤᠯᠤᠭᠰᠠᠨ 29 ᠵᠦᠢᠯ ᠤᠨ ᠰᠢᠨ᠎ᠡ ᠲᠤᠰᠬᠠᠢ ᠮᠡᠷᠭᠡᠵᠢᠯ ᠨᠢ ᠤᠯᠤᠰ ᠤᠨ ᠪᠠᠶᠢᠯᠳᠤᠬᠤ ᠪᠣᠳᠣᠯᠭ᠎ᠠ᠂ | ᠵᠠᠬ᠎ᠠ ᠳᠡᠯᠭᠡᠭᠦᠷ ᠤᠨ ᠬᠡᠷᠡᠭᠴᠡᠭᠡ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠶᠢᠨ ᠬᠥᠲᠥᠯᠥᠨ ᠳᠠᠶᠢᠴᠢᠯᠠᠬᠤ ᠶᠢ ᠭᠦᠢᠴᠡᠳ ᠢᠯᠡᠷᠡᠭᠦᠯᠵᠦ᠂ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠠᠯ᠎ᠠ ᠪᠠᠷ᠂ ᠣᠷᠣᠨ ᠪᠦᠰᠡ ᠶᠢᠨ ᠤᠯᠤᠰ ᠤᠨ ᠢᠯᠭᠠᠯ ᠤᠨ ᠤᠬᠠᠭᠠᠨ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠲᠡᠯᠡᠶ ᠲᠠᠩᠭᠢᠰ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠂ ᠡᠷᠡᠭᠦᠯ ᠮᠡᠨᠳᠦ ᠬᠢᠭᠡᠳ | ᠡᠮᠴᠢᠯᠡᠭᠡᠨ ᠤ ᠪᠠᠲᠤᠯᠠᠭ᠎ᠠ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠭᠢᠷᠠᠭᠤᠯᠪᠠ; ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠶᠢᠨ | ᠬᠤᠰᠢᠭᠤᠷᠠᠯ ᠳᠤ ᠬᠠᠨᠳᠤᠭᠤᠯᠤᠨ᠂ ᠣᠶᠤᠨᠲᠤ ᠮᠣᠯᠧᠺᠦ᠋ᠯ ᠤᠨ ᠢᠨᠵᠧᠨᠧᠷᠢᠩ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠣᠨ ᠲᠥᠬᠦᠭᠡᠷᠦᠮᠵᠢ ᠶᠢᠨ ᠢᠨᠵᠧᠨᠧᠷᠢᠩ᠂ | ᠴᠠᠭ ᠣᠷᠣᠨ ᠵᠠᠢ ᠶᠢᠨ ᠮᠡᠳᠡᠭᠡ ᠵᠠᠩᠭᠢ ᠶᠢᠨ ᠢᠨᠵᠧᠨᠧᠷᠢᠩ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠭᠢᠷᠠᠭᠤᠯᠪᠠ; ᠵᠠᠬ᠎ᠠ ᠳᠡᠯᠭᠡᠭᠦᠷ ᠤᠨ ᠬᠡᠷᠡᠭᠴᠡᠭᠡ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠤᠯᠠᠨ ᠤᠯᠤᠰ ᠤᠨ ᠰᠢᠤᠳᠠᠨ ᠤ ᠬᠥᠯᠭᠡ ᠣᠩᠭᠤᠴᠠᠨ ᠤ ᠬᠠᠮᠢᠶᠠᠷᠤᠯᠲᠠ᠂ ᠠᠭᠠᠷ ᠤᠨ ᠠᠶᠠᠯᠠᠯ ᠤᠨ ᠬᠥᠳᠡᠯᠭᠡᠭᠡᠨ ᠵᠡᠷᠭᠡ | ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ ᠡᠭᠦᠨ ᠤ ᠬᠠᠮᠲᠤ ᠵᠣᠬᠢᠶᠠᠮᠠᠯ ᠣᠶᠤᠨ ᠴᠢᠳᠠᠪᠤᠷᠢ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ | ᠨᠡᠮᠡᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠰᠤᠷᠭᠠᠨ ᠬᠥᠮᠦᠵᠢᠯ᠂ ᠣᠶᠤᠨᠲᠤ ᠦᠵᠡᠵᠦ ᠰᠣᠨᠣᠰᠬᠤ ᠢᠨᠵᠧᠨᠧᠷᠢᠩ᠂ | ᠲᠣᠭᠠᠴᠢᠯᠠᠭᠰᠠᠨ ᠰᠢ ᠵᠦᠴᠦᠭᠡ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ | ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠩ ᠲᠦᠷᠭᠡᠨ ᠴᠤᠤᠷᠢᠶᠠᠲᠤᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠠᠩᠬ᠎ᠠ ᠤᠳᠠᠭ᠎ᠠ | ᠪᠠᠶᠢᠯᠳᠤᠬᠤ ᠪᠣᠳᠣᠯᠭ᠎ᠠ ᠶᠢᠨ ᠪᠠᠴᠢᠮ ᠬᠡᠷᠡᠭᠴᠡᠭᠡᠨ ᠤ ᠲᠤᠰᠬᠠᠢ ᠮᠡᠷᠭᠡᠵᠢᠯ ᠤᠨ ᠬᠡᠪ ᠤᠨ ᠪᠤᠰᠤ ᠪᠠᠶᠢᠷᠢᠯᠠᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ | ᠲᠥᠪ ᠤᠨ ᠬᠠᠮᠤᠭ ᠤᠨ ᠰᠢᠨ᠎ᠡ ᠪᠠᠶᠢᠷᠢᠯᠠᠭᠤᠯᠤᠯᠲᠠ᠂ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠬᠦᠷᠢᠶᠡᠨ ᠳᠤ᠂ ᠬᠤᠯᠪᠣᠭᠳᠠᠯ | ᠪᠦᠬᠦᠢ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢᠨ ᠴᠠᠭ ᠲᠤᠬᠠᠢ ᠳᠤᠨᠢ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠭᠰᠡᠨ ᠪᠠᠶᠢᠨ᠎ᠠ᠃ ᠣᠶᠢᠷ᠎ᠠ | ᠣᠭᠲᠠᠷᠭᠤᠢ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠶᠢᠨ ᠬᠡᠷᠡᠭᠴᠡᠭᠡ ᠳᠤ ᠬᠠᠨᠳᠤᠭᠤᠯᠵᠤ᠂ ᠲᠥᠪᠯᠡᠷᠡᠭᠦᠯᠦᠨ ᠭᠤᠶᠤᠴᠢᠯᠠᠨ ᠮᠡᠳᠡᠭᠦᠯᠬᠦ ᠬᠢᠵᠠᠭᠠᠷᠯᠠᠯ ᠢ | ᠰᠢᠪᠲᠤᠯᠵᠤ᠂ ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠵᠡᠷᠭᠡ 6 ᠶᠡᠭᠡ ᠳᠡᠭᠡᠳᠦ ᠰᠤᠷᠭᠠᠭᠤᠯᠢ ᠶᠢ ᠵᠢᠯᠣᠭᠤᠳᠤᠨ | ᠣᠶᠢᠷ᠎ᠠ ᠣᠭᠲᠠᠷᠭᠤᠢ ᠶᠢᠨ ᠮᠡᠷᠭᠡᠵᠢᠯ ᠪᠠ ᠢᠨᠵᠧᠨᠧᠷᠢᠩ ᠤᠨ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 22 ᠤᠨ ᠴᠠᠭᠢᠯᠭᠠᠨ ᠮᠡᠳᠡᠭᠡ︶ | | | |