︵ᠰᠤᠷᠪᠤᠯᠵᠢᠯᠠᠭᠴᠢ ᠯᠢᠦ ᠱᠠ ᠱᠠ︶ 4 ᠳ᠋ᠦ᠋ᠭᠡᠷ ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠬᠤᠷᠠᠯᠳᠤᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠸᠧᠨ ᠮᠢᠩ ᠬᠤᠷᠠᠯ ᠢ ᠡᠷᠬᠢᠯᠡᠵᠦ᠂ ᠳᠡᠳ᠋ | ᠡᠷᠬᠢᠯᠡᠭᠴᠢ ᠯᠠᠨ ᠹᠧᠩ᠂ ᠵᠠᠩ ᠵᠦᠩ ᠳ᠋ᠦᠩ᠂ ᠶᠦᠨ ᠢᠦᠢ ᠮᠧᠢ᠂ ᠶᠠᠩ ᠰᠢᠩ ᠱᠧᠩ᠂ ᠵᠠᠩ ᠺᠧ ᠯᠢᠩ᠂ ᠨᠠᠷᠢᠨ ᠪᠢᠴᠢᠭ ᠤᠨ ᠳᠠᠷᠤᠭ᠎ᠠ ᠰᠢᠩ ᠵᠢᠶᠦ᠋ᠨ ᠫᠢᠩ ᠬᠤᠷᠠᠯ ᠳᠤ | ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢᠦ ᠵᠢᠶ ᠶᠢᠩ᠂ | ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ᠂ ᠵᠢᠶᠤᠤ ᠬᠤᠩ᠂ ᠹᠦ᠋ ᠶᠢᠨ ᠽᠠᠢ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ | ᠵᠣᠣ ᠰᠢ ᠮᠢᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠰᠢᠶᠤᠤ ᠬᠤᠩ ᠬᠤᠷᠠᠯ ᠳᠤ ᠰᠤᠯᠠ ᠣᠷᠣᠯᠴᠠᠪᠠ᠃ | ᠪᠠᠶᠢᠩᠭᠤ ᠶᠢᠨ ᠬᠤᠷᠢᠶᠠᠨ ᠤ ᠭᠡᠰᠢᠭᠦᠨ 44 ᠬᠦᠮᠦᠨ ᠬᠤᠷᠠᠯ ᠳᠤ ᠤᠷᠤᠯᠴᠠᠵᠤ᠂ ᠬᠠᠤᠯᠢ ᠳᠤ ᠳᠤᠭᠲᠠᠭᠠᠭᠰᠠᠨ ᠬᠦᠮᠦᠨ ᠤ ᠲᠣᠭᠠᠨ ᠳᠤ ᠨᠡᠶᠢᠴᠡᠵᠡᠢ᠃ | ᠬᠤᠷᠠᠯ ᠠᠴᠠ ︽ᠬᠥᠬᠡᠬᠤᠲᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ︶︾ ︽ᠬᠥᠬᠡᠬᠤᠲᠠ ᠶᠢᠨ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠦᠷᠢᠮ ︵ᠵᠠᠰᠠᠪᠤᠷᠢ ᠣᠷᠣᠭᠤᠯᠤᠭᠰᠠᠨ︶︾ ᠵᠢᠴᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠲᠤᠰᠢᠶᠠᠭᠰᠠᠨ ︽︿ᠬᠥᠬᠡᠬᠤᠲᠠ ᠶᠢᠨ ᠬᠠᠶᠠᠭᠳᠠᠮᠠᠯ ᠪᠣᠳᠠᠰ ᠦᠭᠡᠢ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ﹀ ᠢ ᠲᠣᠭᠲᠠᠭᠠᠬᠤ ᠲᠤᠬᠠᠶ ᠵᠥᠪᠯᠡᠯᠭᠡ︾ ︵2 ᠳ᠋ᠤᠭᠠᠷ ᠲᠣᠭᠠᠲᠤ︶ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ | ᠮᠡᠳᠡᠭᠦᠯᠦᠯᠲᠡ ᠶᠢ ᠪᠠᠲᠤᠯᠠᠪᠠ᠃ ᠬᠤᠲᠠ ᠶᠢᠨ ᠵᠠᠰᠠᠭ ᠤᠨ ᠣᠷᠳᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠢ ᠪᠠᠶᠢᠳᠠᠯ᠂ | 2023 ᠣᠨ ᠤ ᠬᠤᠲᠠ ᠶᠢᠨ ᠲᠣᠰ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠤ ᠪᠠᠷ ᠪᠠᠶᠢᠴᠠᠭᠠᠨ | ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠦᠷᠨᠢᠭᠦᠯᠦᠭᠰᠡᠨ ᠪᠠᠶᠢᠳᠠᠯ᠂ 2024 | ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠵᠦ᠂ 2023 ᠣᠨ ᠤ ᠲᠥᠰᠦᠪ ᠢ | ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ | ᠮᠡᠳᠡᠭᠦᠯᠦᠯᠲᠡ ᠶᠢ ᠲᠣᠰ ᠲᠣᠰ ᠰᠣᠨᠣᠰᠴᠤ ᠬᠢᠨᠠᠨ ᠵᠥᠪᠯᠡᠪᠡ᠃ ︽ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠪᠡ᠃ ᠮᠠᠨ ᠤ ᠬᠤᠲᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠣᠳᠣᠯᠣᠭᠰᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠵᠤ᠂ ᠰᠢᠨ᠎ᠡ ᠪᠠᠷ | ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠲᠤᠰᠢᠶᠠᠯ ᠳᠤ ᠲᠤᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠪᠠ᠃ |