ᠤᠰᠤ ᠠᠷᠪᠢᠯᠠᠬᠤ ᠠᠵᠢᠯᠯᠠᠭ᠎ᠠ ᠶᠢ ᠬᠡᠷᠬᠢᠨ ᠭᠦᠨᠵᠡᠭᠡᠢ ᠥᠷᠨᠢᠭᠦᠯᠬᠦ ᠪᠤᠢ︖
ᠨᠡᠶᠢᠲᠡᠯᠡᠭᠰᠡᠨ ᠴᠠᠭ᠄
2025/4/27
      ᠤᠰᠤ ᠠᠷᠪᠢᠯᠠᠬᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠵᠢᠷᠭᠤᠭᠠᠨ ᠠᠵᠢᠯᠯᠠᠭ᠎ᠠ︾   ᠶᠢᠨ ᠨᠢᠭᠡ ᠮᠥᠨ᠃ ᠲᠤᠰ ᠠᠵᠢᠯᠯᠠᠭ᠎ᠠ ᠳᠤ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠣᠯᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠶᠢ ᠠᠷᠪᠢᠯᠠᠨ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠬᠡᠪ ᠤᠨ ᠪᠤᠰᠤ ᠤᠰᠤ  ᠶᠢ ᠰᠠᠶᠢᠲᠤᠷ ᠠᠰᠢᠭᠯᠠᠬᠤ ᠶᠢ ᠴᠢᠩᠭᠠᠳᠬᠠᠨ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢ ᠬᠡᠷᠡᠭᠯᠡᠨ ᠤᠰᠤ ᠠᠷᠪᠢᠯᠠᠬᠤ ᠦᠷ᠎ᠡ ᠪᠦᠳᠦᠮᠵᠢ ᠶᠢ ᠳᠡᠭᠡᠭᠰᠢᠯᠡᠭᠦᠯᠭᠦ ᠪᠣᠯᠣᠨ᠎ᠠ᠃      ᠡᠨᠡ ᠬᠦ ᠠᠵᠢᠯᠯᠠᠭ᠎ᠠ ᠶᠢ ᠪᠦᠭᠦ ᠣᠷᠣᠨ ᠳᠤ ᠬᠡᠷᠬᠢᠨ ᠭᠦᠨᠵᠡᠭᠡᠢ ᠥᠷᠨᠢᠭᠦᠯᠬᠦ ᠪᠤᠢ︖ 4 ᠰᠠᠷ᠎ᠠ ᠶᠢᠨ 23 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ︽︿ᠵᠢᠷᠭᠤᠭᠠᠨ ᠠᠵᠢᠯᠯᠠᠭ᠎ᠠ﹀ ᠶᠢ ᠭᠦᠨᠵᠡᠭᠡᠢ ᠥᠷᠨᠢᠭᠦᠯᠵᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾  ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠤᠰᠤ ᠠᠷᠪᠢᠯᠠᠬᠤ ᠠᠵᠢᠯᠯᠠᠭ᠎ᠠ ᠶᠢᠨ ᠲᠤᠰᠬᠠᠢ ᠲᠠᠯᠠᠪᠤᠷ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ 5 ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠤᠷᠢᠨ ᠤᠰᠤ ᠠᠷᠪᠢᠯᠠᠬᠤ ᠠᠵᠢᠯᠯᠠᠭ᠎ᠠ ᠶᠢ ᠪᠦᠭᠦ ᠣᠷᠣᠨ ᠳᠤ ᠭᠦᠨᠵᠡᠭᠡᠢ ᠥᠷᠨᠢᠭᠦᠯᠬᠦ ᠲᠤᠬᠠᠢ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠃      ︽ᠤᠰᠤ ᠶᠢ ᠰᠠᠶᠢᠲᠤᠷ ᠬᠠᠮᠢᠶᠠᠷᠬᠤ᠂ ᠤᠰᠤ ᠶᠢ ᠠᠷᠪᠢᠯᠠᠨ ᠬᠡᠷᠡᠭᠯᠡᠬᠦ᠂ ᠤᠰᠤᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ᠂ ᠤᠳᠤ ᠪᠠᠶᠢᠭ᠎ᠠ ᠤᠰᠤᠨ ᠤ ᠡᠬᠢ ᠪᠠᠶᠠᠯᠢᠭ ᠢ ᠠᠮᠢᠯᠠᠭᠤᠯᠬᠤ ᠪᠣᠯ ᠮᠠᠨ ᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ 5 ᠭᠤᠣᠯᠳᠠᠯᠭ᠎ᠠ ᠲᠠᠢ ᠡᠭᠦᠷᠭᠡ ᠮᠥᠨ︾  ᠭᠡᠵᠦ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠸᠡᠭ ᠰᠢᠶᠣᠣ ᠶᠢᠤ ᠬᠡᠯᠡᠨ᠎ᠡ᠃ ᠡᠨᠡ ᠵᠢᠯ ᠤᠨ 2 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠤᠰᠤ ᠠᠷᠪᠢᠯᠠᠬᠤ ᠠᠵᠢᠯᠯᠠᠭ᠎ᠠ ᠶᠢᠨ ︽ᠬᠠᠷᠠᠯᠲᠠ - ᠡᠭᠦᠷᠭᠡ - ᠪᠠᠲᠤᠯᠠᠭ᠎ᠠ︾ ᠭᠤᠷᠪᠠ ᠶᠢ ᠨᠢᠭᠡ ᠴᠣᠭᠴᠠᠵᠢᠭᠤᠯᠤᠭᠰᠠᠨ ᠬᠡᠷᠡᠭᠵᠢᠭᠦᠯᠬᠦ ᠪᠣᠷᠣ ᠲᠥᠯᠥᠪ ᠢ ᠪᠦᠷᠢᠯᠳᠦᠭᠦᠯᠦᠨ᠂ 9 ᠲᠠᠯ᠎ᠠ ᠶᠢᠨ 30 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠳᠤᠷᠠᠳᠴᠤ᠂ ᠤᠰᠤ ᠠᠷᠪᠢᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠪᠡ᠃      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤ ᠬᠡᠷᠡᠭᠯᠡᠬᠦ ᠬᠠᠮᠢᠶᠠᠷᠤᠯᠲᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠤᠰᠤ ᠠᠷᠪᠢᠯᠠᠬᠤ ᠲᠣᠭᠲᠠᠴᠠ ᠶᠢᠨ ᠲᠣᠭᠤᠷᠢᠨ ᠳᠤ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠦᠨ᠂ ᠡᠨᠡ ᠵᠢᠯ ᠤᠨ ᠰᠡᠭᠦᠯᠴᠢ ᠪᠤᠯᠬᠤ ᠳᠤ ᠪᠦᠭᠦ ᠣᠷᠣᠨ ᠤ ᠲᠠᠷᠢᠶᠠᠯᠠᠩ ᠤᠨ ᠤᠰᠤᠯᠠᠯᠲᠠ ᠶᠢᠨ ᠤᠰᠤ ᠶᠢ ᠪᠦᠳᠦᠮᠵᠢᠳᠠᠢ ᠠᠰᠢᠭᠯᠠᠬᠤ ᠵᠢᠭᠠᠯᠲᠠ ᠲᠤᠭ᠎ᠠ ᠶᠢ 0.59 ᠪᠣᠯᠭᠠᠨ ᠲᠠᠭᠡᠭᠰᠢᠯᠡᠭᠦᠯᠵᠤ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠲᠠᠪᠠᠭᠤᠯᠤᠨ᠎ᠠ; ᠤᠰᠤ ᠠᠷᠪᠢᠯᠠᠬᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 13 ᠲᠣᠮᠣ ᠳᠤᠮᠳᠠ ᠭᠡᠯᠪᠡᠷᠢ ᠶᠢᠨ ᠲᠠᠷᠢᠶᠠᠯᠠᠩ ᠤᠨ ᠤᠰᠤᠯᠠᠯᠲᠠ ᠶᠢᠨ ᠣᠷᠣᠨ ᠤ ᠣᠳᠣᠬᠢᠴᠢᠯᠠᠬᠤ ᠥᠭᠡᠷᠡᠴᠢᠯᠡᠯᠲᠡ ᠶᠢ ᠳᠠᠭᠤᠰᠬᠠᠬᠤ ᠶᠢᠨ ᠬᠠᠮᠲᠤ 26 ᠲᠣᠮᠣ ᠳᠤᠮᠳᠠ ᠭᠡᠯᠪᠡᠷᠢ ᠶᠢᠨ ᠲᠠᠷᠢᠶᠠᠯᠠᠩ ᠤᠨ ᠤᠰᠤᠯᠠᠯᠲᠠ ᠶᠢᠨ ᠣᠷᠣᠨ ᠤ ᠣᠳᠣᠬᠢᠴᠢᠯᠠᠬᠤ ᠥᠭᠡᠷᠡᠴᠢᠯᠡᠯᠲᠡ ᠶᠢᠨ ᠲᠦᠷᠦᠯ ᠵᠦᠢᠯ ᠢ ᠨᠥᠭᠡᠴᠡᠯᠡᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠪᠠᠰᠠ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠳᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠪᠤᠢ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠰᠤᠨ ᠠᠰᠢᠭᠯᠠᠯᠲᠠ ᠶᠢᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠣᠨ﹀ ᠤ ᠠᠵᠢᠯᠯᠠᠭᠠᠨ ᠤ ᠲᠥᠰᠥᠯ︾ ᠪᠠ ᠡᠭᠦᠷᠭᠡ ᠶᠢᠨ ᠨᠠᠷᠢᠨ ᠳᠡᠩᠰᠠ ᠶᠢ ᠲᠣᠭᠲᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠡᠷᠭᠡ ᠲᠥᠷᠥᠯ ᠵᠦᠢᠯ ᠤᠨ ᠪᠡᠯᠡ ᠮᠥᠩᠭᠦ ᠶᠢ 35 ᠳ᠋ᠦᠩᠰᠢᠭᠤᠷ ᠰᠢᠬᠠᠮ ᠲᠥᠭᠦᠷᠢᠭ ᠲᠥᠯᠥᠪᠵᠢᠭᠦᠯᠵᠦ᠂ ᠤᠰᠤ ᠠᠷᠪᠢᠯᠠᠬᠤ ᠢᠨᠵᠧᠨᠧᠷᠢᠩ᠂ ᠤᠰᠤ ᠠᠷᠪᠢᠯᠠᠬᠤ ᠲᠥᠬᠦᠭᠡᠷᠦᠮᠵᠢ᠂ ᠤᠰᠤ ᠠᠷᠪᠢᠯᠠᠬᠤ ᠮᠡᠷᠭᠡᠵᠢᠯ᠂ ᠤᠰᠤ ᠠᠷᠪᠢᠯᠠᠬᠤ ᠣᠶᠢᠯᠠᠭᠠᠭᠳᠠᠬᠤᠨ᠂ ᠤᠰᠤ ᠠᠷᠪᠢᠯᠠᠬᠤ ᠲᠣᠭᠲᠠᠴᠠ ᠶᠢ ᠪᠦᠭᠦ ᠲᠠᠯ᠎ᠠ ᠪᠠᠷ ᠠᠬᠢᠭᠤᠯᠬᠤ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠳᠤᠷᠠᠳᠴᠤ᠂ ᠪᠦᠭᠦ ᠣᠷᠣᠨ ᠤ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠭᠡᠯᠪᠡᠷᠢ ᠶᠢ ᠠᠷᠪᠢᠴᠢ ᠭᠠᠮᠲᠠᠢ ᠡᠷᠴᠢᠮᠵᠢᠭᠦᠯᠦᠨ ᠠᠰᠢᠭᠯᠠᠬᠤ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠪᠠᠶᠢᠨ᠎ᠠ᠃ ︽ᠡᠨᠡ ᠵᠢᠯ ᠪᠦᠭᠦ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠤᠰᠤ ᠠᠷᠪᠢᠯᠠᠬᠤ ᠪᠠᠷ ᠭᠤᠣᠯ ᠪᠤᠯᠭᠠᠬᠰᠠᠨ 850 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ 150 ᠲᠦᠮᠡᠨ ᠮᠦ ᠠᠴᠠ ᠳᠡᠭᠡᠭᠰᠢᠬᠢ ᠲᠠᠷᠢᠶᠠᠨ ᠭᠠᠵᠠᠷ ᠢ ᠬᠤᠭᠤᠯᠠᠢ ᠪᠠᠷ ᠤᠰᠤᠯᠠᠵᠤ ᠪᠠᠶᠢᠭᠰᠠᠨ ᠠᠴᠠ ᠳᠤᠰᠤᠯᠭᠠᠨ ᠤᠰᠤᠯᠠᠬᠤ ᠪᠣᠯᠭᠠᠨ ᠦᠭᠡᠷᠡᠴᠢᠯᠡᠨ᠎ᠠ; ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ ᠶᠢ ᠠᠬᠢᠭᠤᠯᠬᠤ 20 ᠬᠤᠰᠢᠭᠤ ᠰᠢᠶᠠᠨ ᠢ ᠡᠭᠦᠳᠦᠨ ᠪᠠᠶᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ 271 ᠲᠦᠮᠡᠨ ᠮᠦ ᠲᠠᠷᠢᠶᠠᠨ ᠭᠠᠵᠠᠷ ᠲᠤ ᠰᠢᠨ᠎ᠡ ᠪᠠᠷ ᠭᠡᠷᠡᠭᠵᠢᠭᠦᠯᠦᠨ᠎ᠠ; ᠭᠠᠩ ᠬᠠᠭᠰᠠᠷᠠᠭᠠᠨ ᠳᠤ ᠳᠠᠭᠠᠭᠠᠮᠠᠭᠠᠢ ᠲᠠᠷᠢᠶ᠎ᠠ ᠲᠥᠮᠥᠰᠥ ᠶᠢᠨ ᠰᠢᠨ᠎ᠡ ᠡᠭᠦᠯᠳᠡᠷ ᠵᠢᠴᠢ ᠢᠵᠢ ᠪᠦᠷᠢᠳᠦᠭᠦᠯᠦᠭᠰᠡᠨ ᠮᠡᠷᠭᠡᠵᠢᠯ ᠢ 93.5 ᠲᠦᠮᠡᠨ ᠮᠦ ᠲᠠᠷᠢᠶᠠᠨ ᠭᠠᠵᠠᠷ ᠲᠤ ᠰᠢᠨ᠎ᠡ ᠪᠠᠷ ᠲᠦᠭᠡᠮᠡᠯᠵᠢᠭᠦᠯᠵᠦ᠂ ᠤᠰᠤᠨ ᠤ ᠬᠤᠷᠣᠭᠳᠠᠭᠤᠯᠤᠯ ᠶᠡᠬᠡᠲᠡᠢ ᠲᠠᠷᠢᠮᠠᠯ ᠤᠨ ᠲᠠᠯᠠᠪᠠᠢ ᠶᠢ 37.6 ᠲᠦᠮᠡᠨ ᠮᠦ ᠪᠠᠭᠠᠰᠬᠠᠬᠤ ᠪᠠᠷ ᠭᠦᠴᠦᠯᠡᠨ᠎ᠠ; ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠥᠷᠨᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠥᠷᠥᠯ ᠵᠦᠢᠯ ᠤᠨ ᠣᠷᠣᠨ ᠢ ᠰᠢᠨ᠎ᠡ ᠪᠠᠷ ᠪᠠᠶᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠬᠡᠮᠵᠢᠯᠲᠡ ᠶᠢᠨ ᠲᠥᠬᠦᠭᠡᠷᠦᠮᠵᠢ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ︾ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠭᠢᠯᠡᠭᠴᠢ ᠬᠤ᠋ ᠶᠢᠦ ᠯᠢᠨ ᠬᠡᠯᠡᠨ᠎ᠡ᠃      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠶᠠᠩ ᠮᠣᠣ ᠱᠧᠩ ᠤᠨ ᠲᠠᠨᠢᠯᠴᠠᠭᠤᠯᠤᠭᠰᠠᠨ ᠢᠶᠠᠷ᠂ ᠲᠤᠰ ᠲᠢᠩᠬᠢᠮ ᠤᠰᠤ ᠠᠷᠪᠢᠯᠠᠬᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠬᠦ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠴᠢᠩᠭᠠᠳᠬᠠᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠶᠠᠭᠳᠠᠮᠠᠯ ᠤᠰᠤ ᠶᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠬᠤ᠂ ᠤᠰᠤ ᠠᠷᠪᠢᠯᠠᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ᠂ ᠤᠰᠤ ᠠᠷᠪᠢᠯᠠᠬᠤ ᠦᠢᠯᠡᠴᠢᠯᠡᠭᠡᠨ ᠤ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠭᠦ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠵᠡᠷᠭᠡ ᠣᠯᠠᠨ ᠲᠠᠯ᠎ᠠ ᠶᠢᠨ ᠠᠵᠢᠯ ᠢ ᠴᠢᠩᠭᠠᠳᠬᠠᠵᠤ᠂ ᠡᠨᠡ ᠵᠢᠯ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ ᠪᠡᠶᠡᠯᠡᠭᠦᠯᠬᠦ ᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ ᠶᠢ 2020 ᠣᠨ ᠤ ᠬᠢ ᠠᠴᠠ 13% ᠪᠠᠷ ᠪᠠᠭᠤᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠡᠷᠡᠭᠯᠡᠬᠦ ᠤᠰᠤ ᠶᠢ ᠲᠠᠭᠢᠨ ᠠᠰᠢᠭᠯᠠᠬᠤ ᠨᠤᠷᠮ᠎ᠠ ᠶᠢ 95% ᠠᠴᠠ ᠳᠡᠭᠡᠭᠰᠢ ᠭᠦᠷᠭᠡᠨ᠎ᠠ; ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠳᠤ ᠬᠡᠷᠡᠭᠵᠢᠭᠦᠯᠬᠦ 22 ᠵᠦᠢᠯ ᠤᠨ ᠤᠰᠤ ᠠᠷᠪᠢᠯᠠᠬᠤ ᠮᠡᠷᠭᠡᠵᠢᠯ  ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠲᠦᠷᠭᠡᠳᠬᠡᠨ ᠠᠭᠢᠭᠤᠯᠤᠨ᠎ᠠ; ᠠᠵᠤ ᠦᠢᠯᠡᠳᠪᠦᠷᠢ ᠶᠢᠨ ᠤᠰᠤ ᠠᠷᠪᠢᠯᠠᠬᠤ ᠵᠢᠱᠢᠶ᠎ᠡ ᠦᠵᠡᠭᠦᠯᠭᠦ ᠨᠢᠭᠡᠴᠢ ᠶᠢ 100 ᠠᠴᠠ ᠳᠡᠭᠡᠭᠰᠢ ᠡᠭᠦᠳᠦᠨ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠶᠠᠭᠳᠠᠮᠠᠯ ᠤᠰᠤ ᠶᠢ ᠡᠷᠭᠢᠯᠳᠦᠭᠦᠯᠦᠨ ᠠᠰᠢᠭᠯᠠᠬᠤ  ᠶᠢ ᠠᠬᠢᠭᠤᠯᠬᠤ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠪᠦᠭᠦ ᠣᠷᠣᠨ ᠤ ᠡᠨᠧᠷᠭᠢ ᠶᠢᠨ ᠬᠦᠷᠢᠶᠡᠨ ᠳᠠᠬᠢ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ᠂ 47 ᠭᠤᠣᠯᠳᠠᠯᠭ᠎ᠠ ᠲᠠᠢ ᠲᠥᠷᠥᠯ ᠵᠦᠢᠯ ᠢ ᠲᠥᠰᠥᠪᠯᠡᠨ ᠲᠣᠬᠢᠷᠠᠭᠤᠯᠵᠤ᠂ ᠢᠯᠴᠢ ᠶᠢᠨ ᠴᠠᠭᠢᠯᠭᠠᠨ ᠭᠠᠷᠭᠠᠯᠲᠠ ᠶᠢᠨ ᠤᠰᠤ ᠠᠷᠪᠢᠯᠠᠬᠤ ᠥᠭᠡᠷᠡᠴᠢᠯᠡᠯᠲᠡ᠂ ᠠᠭᠤᠷᠬᠠᠢ ᠶᠢᠨ ᠬᠤᠳᠳᠤᠭ ᠤᠨ ᠤᠰᠤᠨ ᠤ ᠬᠠᠮᠠᠭᠠᠯᠠᠯᠲᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ ᠪᠠᠶᠢᠨ᠎ᠠ᠃ ᠡᠨᠡ ᠵᠢᠯ ᠢᠯᠴᠢ ᠶᠢᠨ ᠴᠠᠭᠢᠯᠭᠠᠨ ᠭᠠᠷᠭᠠᠯᠲᠠ ᠶᠢᠨ ᠰᠢᠨ᠎ᠡ ᠪᠠᠷ ᠪᠦᠲᠦᠭᠡᠨ ᠪᠠᠶᠢᠭᠤᠯᠬᠤ ᠲᠦᠷᠦᠯ ᠵᠦᠢᠯ ᠤᠨ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠷᠠᠭᠤᠯᠵᠤ᠂ ᠬᠠᠭᠤᠴᠢᠨ ᠲᠤᠨᠤᠭ ᠲᠥᠬᠦᠭᠡᠷᠦᠮᠵᠢ ᠶᠢ ᠰᠣᠯᠢᠵᠤ ᠥᠭᠡᠷᠡᠴᠢᠯᠡᠬᠦ ᠶᠢ ᠨᠡᠮᠡᠭᠳᠡᠭᠦᠯᠦᠨ᠂ ᠳᠠᠬᠢᠯᠲᠠ ᠤᠰᠤ ᠪᠠ ᠬᠠᠶᠠᠭᠳᠠᠮᠠᠯ ᠤᠰᠤ ᠶᠢ ᠰᠢᠢᠳᠪᠦᠷᠢᠯᠡᠵᠦ ᠲᠠᠭᠢᠨ ᠠᠰᠢᠭᠯᠠᠬᠤ ᠶᠢ ᠴᠢᠩᠭᠠᠳᠬᠠᠵᠤ᠂ 20 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠵᠢᠯ ᠤᠨ ᠰᠡᠭᠦᠯᠴᠢ ᠪᠤᠯᠬᠤ ᠳᠤ ᠤᠰᠤ ᠠᠷᠪᠢᠯᠠᠬᠤ ᠴᠢᠳᠠᠪᠤᠷᠢ ᠶᠢ ᠰᠢᠨ᠎ᠡ ᠪᠠᠷ 200 ᠲᠦᠮᠡᠨ ᠪᠣᠰᠤᠭ᠎ᠠ ᠳᠥᠷᠪᠡᠯᠵᠢᠨ ᠮᠸᠲᠷ ᠠᠴᠠ ᠳᠡᠭᠡᠭᠰᠢ ᠨᠡᠮᠡᠭᠳᠡᠭᠦᠯᠦᠨ᠎ᠠ; ᠠᠭᠤᠷᠬᠠᠢ ᠶᠢᠨ ᠬᠤᠳᠳᠤᠭ ᠤᠨ ᠤᠰᠤᠨ ᠤ ᠬᠠᠮᠠᠭᠠᠯᠠᠯᠲᠠ ᠶᠢ ᠴᠢᠩᠭᠠᠳᠬᠠᠨ᠂ ᠠᠭᠤᠷᠬᠠᠢ ᠶᠢᠨ ᠬᠤᠳᠳᠤᠭ ᠤᠨ ᠤᠰᠤ ᠶᠢ ᠠᠰᠢᠭᠯᠠᠬᠤ 27 ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠤᠢ᠃ ︽ᠡᠨᠡ 27 ᠭᠤᠣᠯᠳᠠᠯᠭ᠎ᠠ ᠲᠠᠢ ᠲᠦᠷᠦᠯ ᠵᠦᠢᠯ ᠪᠦᠭᠦᠨ ᠢᠶᠠᠷ ᠢᠶᠠᠨ ᠠᠰᠢᠭᠯᠠᠯᠲᠠ ᠳᠤ ᠣᠷᠣᠪᠠᠯ ᠠᠭᠤᠷᠬᠠᠢ ᠶᠢᠨ ᠬᠤᠳᠳᠤᠭ ᠤᠨ ᠤᠰᠤ ᠶᠢ ᠠᠰᠢᠭᠯᠠᠬᠤ ᠴᠢᠳᠠᠪᠤᠷᠢ ᠶᠢ ᠰᠢᠨ᠎ᠡ ᠪᠠᠷ 460 ᠲᠦᠮᠡᠨ ᠪᠣᠰᠤᠭ᠎ᠠ ᠳᠥᠷᠪᠡᠯᠵᠢᠨ ᠮᠸᠲᠷ ᠨᠡᠮᠡᠭᠳᠡᠭᠦᠯᠵᠦ᠂ ᠡᠨᠡ ᠨᠢ ᠳᠤᠮᠳᠠ ᠬᠡᠪᠴᠢᠶᠡᠨ ᠤ 3 ᠬᠤᠰᠢᠭᠤ ᠰᠢᠶᠠᠨ ᠤ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ 1 ᠵᠢᠯ ᠤᠨ ᠬᠡᠷᠡᠭᠯᠡᠬᠦ ᠤᠰᠤ ᠲᠠᠢ ᠲᠡᠩᠴᠡᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠵᠧᠩ ᠲᠠᠨᠢᠯᠴᠠᠭᠤᠯᠤᠨ᠎ᠠ᠃      ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠢᠱᠢᠶ᠎ᠡ ᠦᠵᠡᠭᠦᠯᠵᠦ ᠲᠠᠶᠢᠴᠢᠯᠠᠨ ᠳᠠᠭᠠᠭᠤᠯᠬᠤ ᠶᠢ ᠴᠢᠩᠭᠠᠷᠠᠭᠤᠯᠵᠤ᠂ ᠭᠦᠭᠡᠬᠤᠳᠠ᠂ ᠪᠤᠭᠤᠲᠤ᠂ ᠲᠦᠩᠯᠢᠶᠣᠣ᠂ ᠤᠯᠠᠭᠠᠨᠬᠠᠳᠠ᠂ ᠣᠷᠳᠣᠰ᠂ ᠪᠠᠶᠠᠨᠨᠠᠭᠤᠷ ᠤᠨ ᠤᠯᠤᠰ ᠤᠨ ᠳᠠᠬᠢᠯᠲᠠ ᠤᠰᠤ ᠶᠢ ᠠᠰᠢᠭᠯᠠᠬᠤ ᠭᠤᠣᠯᠳᠠᠯᠭ᠎ᠠ ᠲᠠᠢ ᠬᠤᠳᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠭᠦᠭᠡᠬᠤᠲᠠ᠂ ᠣᠷᠳᠣᠰ᠂ ᠦᠬᠠᠢ᠂ ᠤᠯᠠᠭᠠᠨᠴᠠᠪ ᠪᠣᠯᠣᠨ ᠪᠠᠶᠠᠨᠨᠠᠭᠤᠷ ᠵᠡᠷᠭᠡ 5 ᠬᠤᠲᠠ ᠶᠢ ᠤᠯᠤᠰ ᠤᠨ ᠤᠰᠤ ᠠᠷᠪᠢᠯᠠᠬᠤ ᠭᠡᠯᠪᠡᠷᠢ ᠶᠢᠨ ᠬᠤᠲᠠ ᠶᠢᠨ ᠦᠨᠡᠯᠡᠬᠦ ᠪᠠᠷᠢᠮᠵᠢᠶ᠎ᠠ ᠳᠤ ᠬᠦᠷᠭᠡᠬᠦ ᠶᠢ ᠠᠬᠢᠭᠤᠯᠵᠤ ᠪᠠᠶᠢᠨ᠎ᠠ᠃ ᠪᠠᠰᠠ ᠭᠦᠭᠡᠬᠤᠲᠠ ᠶᠢᠨ ᠤᠯᠤᠰ ᠤᠨ ᠬᠠᠶᠢᠮᠢᠶᠠᠨ ᠬᠤᠳᠠ ᠶᠢᠨ ᠵᠢᠱᠢᠶ᠎ᠡ ᠦᠵᠡᠭᠦᠯᠭᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠵᠢᠯᠤᠭᠤᠳᠴᠤ᠂ ᠬᠤᠳᠠ ᠪᠠᠯᠭᠠᠰᠤ ᠶᠢᠨ ᠤᠯᠠᠨ ᠨᠡᠶᠢᠳᠡ ᠶᠢᠨ ᠤᠰᠤ ᠬᠠᠩᠭᠠᠬᠤ ᠬᠤᠭᠤᠯᠠᠢ ᠲᠣᠣᠷ ᠤᠨ ᠤᠰᠤ ᠭᠤᠭᠤᠵᠢᠵᠤ ᠰᠦᠢᠳᠬᠦ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠬᠤᠳᠠ ᠪᠠᠯᠭᠠᠰᠤ ᠶᠢᠨ ᠪᠣᠳᠠᠲᠤ ᠪᠠᠶᠢᠳᠠᠯ ᠢ ᠦᠨᠳᠦᠰᠦᠯᠡᠨ ᠳᠠᠬᠢᠯᠲᠠ ᠤᠰᠤ ᠶᠢ ᠠᠰᠢᠭᠯᠠᠬᠤ ᠢᠨᠵᠧᠨᠧᠷᠢᠩ ᠢ ᠬᠡᠷᠡᠭᠵᠢᠭᠦᠯᠵᠦ᠂ ᠬᠤᠳᠠ ᠪᠠᠯᠭᠠᠰᠤᠨ ᠳᠤ ᠤᠰᠤ ᠠᠷᠪᠢᠯᠠᠬᠤ ᠮᠡᠷᠭᠡᠵᠢᠯ ᠪᠠ ᠤᠰᠤ ᠠᠷᠪᠢᠯᠠᠬᠤ ᠰᠠᠪᠠ ᠬᠡᠷᠡᠭᠰᠡᠯ ᠢ ᠬᠦᠴᠦᠯᠡᠨ ᠳᠡᠯᠭᠡᠷᠡᠭᠦᠯᠵᠦ ᠪᠤᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ