ᠣᠷᠣᠨ ᠤ ᠲᠥᠪ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠣᠨᠣᠴᠠᠲᠠᠢ ᠠᠵᠢᠯ ᠣᠯᠭᠤᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/4/27
      ᠲᠦᠷᠦᠭᠦᠬᠡᠨ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠭᠦᠭᠡᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠭᠦᠭᠡᠬᠤᠲᠠ ᠶᠢᠨ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠶᠢ ᠠᠬᠢᠭᠤᠯᠬᠤ ᠨᠡᠶᠢᠭᠡᠮᠯᠢᠭ ᠵᠡᠷᠭᠡ ᠨᠢᠭᠡᠴᠢ ᠠᠴᠠ ᠬᠠᠮᠲᠤᠷᠠᠨ ᠡᠷᠭᠢᠯᠡᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠤ ᠲᠤᠰᠬᠠᠢ ᠲᠠᠯᠠᠪᠠᠢ ᠠᠵᠢᠯᠲᠠᠨ ᠤᠷᠢᠨ ᠡᠯᠰᠡᠬᠦ ᠴᠤᠭᠯᠠᠭᠠᠨ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡᠨ ᠤ ᠲᠥᠪ ᠲᠤ ᠶᠠᠪᠤᠭᠳᠠᠪᠠ᠃ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ  ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠢᠨ ᠬᠢᠭᠡᠳ ᠠᠵᠤ ᠠᠬᠤᠶᠢᠯᠠᠯ ᠤᠨ ᠬᠢᠨ ᠳᠤ ᠥᠨᠳᠥᠷ ᠪᠦᠲᠦᠮᠵᠢᠲᠡᠶ ᠵᠣᠯᠭᠠᠯᠴᠠᠬᠤ ᠲᠠᠪᠴᠠᠩ ᠢ ᠪᠠᠶᠢᠭᠤᠯᠤᠨ ᠥᠭᠴᠦ᠂ ᠰᠠᠷ᠎ᠠ ᠪᠦᠷᠢ ᠨᠢᠭᠡ ᠤᠳᠠᠭ᠎ᠠ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠤ ᠲᠤᠰᠬᠠᠢ ᠲᠠᠯᠠᠪᠠᠢ ᠠᠵᠢᠯᠲᠠᠨ ᠤᠷᠢᠨ ᠡᠯᠰᠡᠬᠦ ᠴᠤᠭᠯᠠᠭᠠᠨ ᠢ ᠪᠠᠶᠢᠩᠭᠤᠵᠢᠭᠤᠯᠤᠨ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠳᠤ 55 ᠰᠢᠯᠢᠳᠡᠭ ᠠᠵᠤ ᠠᠬᠤᠶᠢᠯᠠᠯ ᠢ ᠰᠢᠯᠢᠨ ᠰᠣᠩᠭᠤᠵᠤ᠂ ᠡᠨᠧᠷᠭᠢ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ᠂ ᠬᠥᠮᠥᠨ ᠤ ᠬᠦᠴᠦᠨ᠂ ᠮᠥᠩᠭᠦᠨ ᠭᠦᠢᠯᠭᠡᠭᠡ᠂ ᠰᠤᠷᠭᠠᠨ ᠬᠥᠮᠦᠵᠢᠯ᠂ ᠪᠠᠷᠠᠭᠠᠨ ᠤ ᠭᠦᠢᠯᠭᠡᠭᠡᠨ᠂ ᠵᠢᠭᠤᠯᠴᠢᠯᠠᠯ᠂ ᠦᠢᠯᠡᠳᠬᠦ ᠦᠢᠯᠡᠰ ᠵᠡᠷᠭᠡ 8 ᠶᠡᠭᠡ ᠬᠦᠷᠢᠶ᠎ᠡ ᠴᠠᠷᠠᠭ᠎ᠠ ᠶᠢ ᠬᠠᠮᠤᠷᠴᠤ᠂ 1800 ᠭᠠᠷᠤᠢ ᠠᠵᠢᠯ ᠤᠨ ᠪᠠᠶᠢᠷᠢ ᠬᠠᠩᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠢᠨ ᠠᠵᠢᠯᠯᠠᠭ᠎ᠠ ᠳᠤ ᠤᠷᠤᠯᠴᠠᠵᠤ᠂ 80 ᠭᠠᠷᠤᠢ ᠬᠥᠮᠥᠨ ᠲᠤᠬᠠᠢ ᠶᠢᠨ ᠲᠠᠯᠠᠪᠠᠶ ᠳᠤ ᠠᠩᠬ᠎ᠠ ᠠᠯᠬᠤᠮ ᠤᠨ ᠠᠵᠢᠯ ᠣᠯᠬᠤ ᠰᠠᠨᠠᠮᠵᠢ ᠲᠠᠢ ᠪᠣᠯᠵᠠᠢ᠃      ᠠᠵᠢᠯᠲᠠᠨ ᠤᠷᠢᠨ ᠡᠯᠰᠡᠬᠦ ᠴᠤᠭᠯᠠᠭᠠᠨ ᠳᠤ ᠠᠵᠢᠯ ᠣᠯᠭᠤᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ᠂ ᠠᠵᠤ ᠠᠬᠤᠶᠢᠯᠠᠯ ᠤᠨ ᠳᠡᠯᠭᠡᠨ ᠦᠵᠡᠭᠦᠯᠭᠦ ᠪᠠᠶᠢᠷᠢ ᠵᠡᠷᠭᠡ ᠳᠥᠷᠪᠡᠨ ᠶᠡᠭᠡ ᠴᠢᠳᠠᠮᠵᠢᠲᠤ ᠲᠣᠭᠤᠷᠢᠭ ᠢ ᠲᠣᠬᠢᠷᠠᠭᠤᠯᠬᠤ ᠶᠢᠨ ᠬᠠᠮᠲᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯᠲᠠᠨ ᠡᠯᠰᠡᠬᠦ ᠲᠤᠰᠬᠠᠢ ᠲᠣᠭᠤᠷᠢᠭ᠂ ᠵᠢᠯᠣᠭᠤᠴᠢ ᠡᠯᠰᠡᠬᠦ ᠲᠤᠰᠬᠠᠢ ᠲᠣᠭᠤᠷᠢᠭ ᠵᠡᠷᠭᠡ ᠣᠨᠴᠠᠯᠢᠭᠲᠤ ᠪᠤᠯᠤᠩ ᠭᠠᠷᠭᠠᠵᠤ᠂ ᠣᠯᠠᠨ ᠶᠠᠩᠵᠤ ᠶᠢᠨ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃      ᠲᠠᠷᠠᠭᠠᠴᠢ ᠪᠠᠷ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠵᠤ ᠠᠬᠤᠶᠢᠯᠠᠯ ᠤᠨ ᠡᠬᠢ ᠪᠠᠶᠠᠯᠢᠭ ᠢ ᠦᠷᠭᠦᠯᠵᠢᠯᠡᠨ ᠨᠡᠶᠢᠳᠬᠡᠵᠦ᠂ ︽ᠤᠷ᠎ᠠ ᠴᠢᠳᠠᠪᠤᠷᠢ ᠶᠢᠨ ᠪᠣᠯᠪᠠᠰᠤᠷᠠᠯ + ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ + ᠠᠵᠢᠯ ᠣᠯᠭᠤᠯᠲᠠ ᠶᠢᠨ ᠦᠢᠯᠡᠴᠢᠯᠡᠭᠡ︾  ᠶᠢᠨ ᠵᠠᠭᠪᠤᠷ ᠢᠶᠠᠷ ᠭᠠᠷᠳᠠᠴᠠ ᠪᠤᠯᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠠᠴᠠ ᠲᠣᠭᠲᠠᠭᠤᠨ ᠢᠶᠠᠷ ᠠᠵᠢᠯ ᠣᠯᠬᠤ ᠬᠦᠷᠲᠡᠯᠡᠬᠢ ᠪᠦᠭᠦ ᠦᠶᠡᠯᠡᠯ ᠤᠨ ᠳᠡᠮᠵᠢᠯᠭᠡ ᠶᠢᠨ ᠰᠢᠰᠲ᠋ᠧᠮ ᠢ ᠪᠠᠶᠢᠭᠤᠯᠵᠤ᠂ ᠣᠷᠣᠨ ᠤ ᠲᠥᠪ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠬᠤ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ