ᠭᠦᠭᠡᠬᠤᠳᠠ 65 ︽ᠪᠣᠯᠪᠠᠰᠤᠨ ᠵᠠᠮ ᠬᠠᠷᠢᠯᠴᠠᠭᠠᠨ ᠤ ᠰᠠᠶᠢᠨ ᠬᠤᠲᠠ ᠶᠢᠨ ᠠᠷᠠᠳ︾ ᠢ ᠰᠢᠯᠭᠠᠷᠠᠭᠤᠯᠵᠠᠢ
ᠨᠡᠶᠢᠲᠡᠯᠡᠭᠰᠡᠨ ᠴᠠᠭ᠄
2025/4/27
      ᠣᠶᠢᠷ᠎ᠠ ᠶᠢᠨ ᠡᠳᠦᠷ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠤᠮᠳᠠᠳᠤ ᠤᠯᠤᠰ ᠤᠨ ᠫᠢᠩ ᠠᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠤᠮᠫᠠᠨᠢ ᠲᠠᠢ ᠬᠠᠮᠲᠤᠷᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ︽ᠪᠣᠯᠪᠠᠰᠤᠨ ᠵᠠᠮ ᠬᠠᠷᠢᠯᠴᠠᠭᠠᠨ ᠤ ᠰᠠᠶᠢᠨ ᠬᠤᠲᠠ ᠶᠢᠨ ᠠᠷᠠᠳ︾ ᠢ ᠰᠢᠯᠭᠠᠷᠠᠭᠤᠯᠬᠤ ᠠᠵᠢᠯᠯᠠᠭ᠎ᠠ ᠶᠢᠨ ᠱᠠᠩᠨᠠᠯ ᠣᠯᠭᠤᠬᠤ ᠶᠣᠰᠣᠯᠠᠯ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠪᠠ᠃      ᠲᠣᠰ ᠤᠳᠠᠭ᠎ᠠ ᠶᠢᠨ ᠰᠢᠯᠭᠠᠷᠠᠭᠤᠯᠬᠤ ᠠᠵᠢᠯᠯᠠᠭ᠎ᠠ ᠨᠢ ᠡᠨᠡ ᠵᠢᠯ ᠤᠨ 3 ᠰᠠᠷ᠎ᠠ ᠳᠤ ᠡᠬᠢᠯᠡᠭᠰᠡᠨ ᠠᠴᠠ ᠨᠠᠭᠠᠰᠢ᠂ ︽ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠠᠶᠢᠬᠤ ᠦᠭᠡᠢ ᠶᠢ ᠤᠷᠮᠠᠰᠢᠭᠤᠯᠬᠤ + ᠨᠡᠶᠢᠭᠡᠮ ᠤᠨ ᠬᠢᠨᠠᠯᠲᠠ ᠲᠠᠯᠪᠢᠬᠤ︾ ᠰᠢᠨ᠎ᠡ ᠶᠢ ᠡᠭᠦᠳᠬᠦ ᠲᠣᠭᠲᠠᠴᠠ ᠪᠠᠷ ᠲᠠᠮᠵᠢᠨ᠂ ︽ᠨᠢᠭᠡ ᠵᠢᠯ ᠤᠨ ᠳᠣᠲᠣᠷ᠎ᠠ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠦᠭᠡᠢ ᠪᠣᠯ 500 ᠲᠥᠭᠦᠷᠢᠭ ᠤᠨ ᠲᠣᠰᠣᠨ ᠺᠠᠷᠲ ᠣᠯᠵᠤ ᠪᠤᠯᠬᠤ︾ ᠵᠡᠷᠭᠡ ᠱᠠᠩᠨᠠᠯ ᠤᠨ ᠠᠷᠭ᠎ᠠ ᠬᠡᠮᠵᠢᠶ᠎ᠡ ᠠᠪᠴᠤ᠂ ᠪᠦᠭᠦ ᠬᠤᠲᠠ ᠶᠢᠨ 3500 ᠭᠠᠷᠤᠢ ᠵᠢᠯᠣᠭᠤᠴᠢ ᠶᠢ ᠲᠠᠳᠠᠨ ᠢᠳᠡᠪᠬᠢᠲᠡᠢ ᠣᠷᠣᠯᠴᠠᠭᠤᠯᠵᠠᠢ᠃ ︽ᠰᠣᠩᠭᠤᠨ ᠠᠪᠬᠤ + ᠡᠷᠬᠡ ᠰᠦᠷᠲᠦ ᠬᠢᠨᠠᠨ ᠬᠠᠷᠭᠤᠭᠤᠯᠤᠯᠲᠠ + ᠰᠦᠯᠵᠢᠶᠡᠨ ᠳᠡᠭᠡᠷ᠎ᠡ ᠪᠢᠯᠧᠲ ᠥᠭᠬᠦ︾ ᠪᠠᠷ ᠳᠡᠮᠵᠢᠨ᠂ ᠡᠴᠦᠰ ᠲᠡᠭᠡᠨ 3500 ᠭᠠᠷᠤᠢ ᠣᠷᠣᠯᠴᠠᠭᠴᠢ ᠶᠢᠨ ᠳᠣᠲᠣᠷ᠎ᠠ ᠠᠴᠠ 65 ︽ᠪᠣᠯᠪᠠᠰᠤᠨ ᠵᠠᠮ ᠬᠠᠷᠢᠯᠴᠠᠭᠠᠨ ᠤ ᠰᠠᠶᠢᠨ ᠬᠤᠲᠠ ᠶᠢᠨ ᠠᠷᠠᠳ︾ ᠢ ᠰᠣᠩᠭᠤᠨ ᠭᠠᠷᠭᠠᠵᠠᠢ᠃      ᠱᠠᠩᠨᠠᠯ ᠣᠯᠭᠤᠬᠤ ᠶᠣᠰᠣᠯᠠᠯ ᠤᠨ ᠠᠬᠤᠢ ᠲᠠᠯᠠᠪᠠᠶ ᠳᠤ᠂ ᠬᠠᠮᠢᠶ᠎ᠠ ᠪᠦᠬᠦᠢ ᠤᠳᠤᠷᠢᠳᠤᠯᠭ᠎ᠠ ᠠᠴᠠ ᠱᠠᠩᠨᠠᠯ ᠬᠦᠷᠲᠡᠭᠰᠡᠳ ᠲᠤ ᠱᠠᠩᠨᠠᠯ ᠣᠯᠭᠤᠬᠤ ᠶᠢᠨ ᠬᠠᠮᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠭᠤᠣᠯ ᠰᠡᠳᠦᠪᠲᠦ ᠳᠤᠷᠠᠰᠬᠠᠯ ᠤᠨ ᠪᠣᠳᠠᠰ ᠪᠡᠯᠡᠭᠯᠡᠪᠡ᠃ ᠠᠵᠢᠯᠯᠠᠭ᠎ᠠ ᠨᠢ ︽ᠪᠣᠯᠪᠠᠰᠤᠨ ᠤ ᠪᠤᠤᠬᠢᠶ᠎ᠠ ᠲᠥᠯᠥᠪᠯᠡᠭᠡ︾ ᠶᠢ ᠵᠡᠷᠭᠡ ᠪᠠᠷ ᠡᠬᠢᠯᠡᠭᠦᠯᠵᠦ᠂ ᠱᠠᠩᠨᠠᠯ ᠬᠦᠷᠲᠡᠭᠰᠡᠳ ᠬᠤᠶᠢᠰᠢᠳᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠬᠦᠷᠴᠦ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠬᠦ ᠳᠤ ᠣᠷᠤᠯᠴᠠᠬᠤ ᠪᠣᠯᠣᠨ᠎ᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠴᠠᠭᠳᠠᠭ᠎ᠠ ᠪᠠᠰᠠ ᠠᠬᠤᠢ ᠲᠠᠯᠠᠪᠠᠢ ᠳᠤ ᠪᠠᠶᠢᠭ᠎ᠠ ᠪᠠᠭᠰᠢ ᠰᠤᠷᠤᠬᠴᠢᠳ ᠲᠤ ᠨᠢᠭᠡ ᠤᠳᠠᠭᠠᠨ ᠤ ᠠᠮᠢᠳᠤᠯᠢᠭ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠢᠵᠡᠢ᠃ ᠱᠠᠩᠨᠠᠯ ᠣᠯᠭᠤᠬᠤ ᠶᠣᠰᠣᠯᠠᠯ ᠤᠨ ᠳᠠᠷᠠᠭ᠎ᠠ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠪᠣᠯᠪᠠᠰᠤᠨ ᠵᠠᠮ ᠬᠠᠷᠢᠯᠴᠠᠭᠠᠨ ᠤ ᠶᠠᠷᠢᠯᠴᠠᠬᠤ ᠬᠤᠷᠠᠯ ᠬᠢᠵᠡᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ