ᠪᠣᠣ ᠭᠠᠩ ᠪᠦᠬᠦ ᠬᠤᠳᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/28
ᠾᠧ ᠬᠠᠢ ᠳ᠋ᠦᠩ ᠪᠣᠳᠠᠲᠠᠢ ᠪᠠᠶᠢᠷᠢᠯᠠᠭᠤᠯᠤᠯᠲᠠ ᠬᠢᠵᠦ  ᠼᠦᠢ ᠵᠧᠨ ᠦ᠋ ᠣᠷᠣᠯᠴᠠᠵᠠᠢ      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠰᠠᠭᠤᠳᠠᠯ ᠢ ᠳᠠᠬᠢᠨᠳᠠ ᠪᠦᠷᠢᠳᠬᠡᠨ ᠡᠮᠬᠢᠯᠡᠵᠦ ᠪᠠᠶᠢᠴᠠᠭᠠᠨ᠂ ᠲᠠᠷᠠᠭᠠᠴᠢ ᠶᠢᠨ ᠱᠠᠲᠤᠨ ᠤ ᠠᠵᠤ ᠠᠬᠤᠶ ᠶᠢᠨ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠨᠢᠭᠡᠳᠦᠭᠡᠷ ᠤᠯᠠᠷᠢᠯ ᠤᠨ ᠪᠦᠬᠦ ᠬᠤᠳᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠦᠬᠦᠢ ᠬᠤᠳᠠ ᠶᠢᠨ ᠤᠳᠤᠷᠢᠳᠤᠯᠭ᠎ᠠ ᠪᠣᠯᠣᠨ ᠭᠠᠵᠠᠷ ᠣᠷᠣᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠃      ᠬᠤᠷᠠᠯ ᠠᠴᠠ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠣᠳᠣᠬᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠷᠡᠯᠬᠡᠭᠯᠡᠨ ᠲᠡᠮᠡᠴᠡᠬᠦ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠠᠷᠠᠯᠲᠠ ᠪᠠᠨ ᠪᠠᠲᠤ ᠡᠵᠡᠮᠳᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠣᠷᠣᠨ ᠤ ᠲᠥᠪ ᠬᠤᠲᠠ ᠶᠢᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠬᠤᠶᠠᠳᠤᠭᠠᠷ ᠤᠯᠠᠷᠢᠯ ᠨᠢ ᠲᠦᠢᠯ ᠤᠨ ᠵᠠᠩᠭᠢᠯᠠᠭ᠎ᠠ ᠪᠣᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠰᠦ ᠶᠢᠨ ᠦᠢᠯᠡᠰ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠳᠠᠪᠠᠭᠤᠯᠢᠭ ᠠᠵᠤ ᠦᠢᠯᠡᠰ ᠤᠨ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠳᠤ ᠦᠵᠡᠭᠦᠯᠬᠦ ᠲᠤᠯᠭᠠᠭᠤᠷᠢᠯᠠᠨ ᠳᠠᠶᠢᠴᠢᠯᠠᠬᠤ ᠦᠢᠯᠡᠳᠦᠯ ᠢ ᠬᠦᠴᠦᠯᠡᠨ ᠴᠢᠩᠭᠠᠳᠬᠠᠵᠤ᠂ ᠪᠣᠬᠢᠷᠲᠤᠯ ᠥᠬᠡᠶ ᠪᠤᠳᠤᠯᠭ᠎ᠠ ᠶᠢᠨ ᠬᠦᠴᠦᠨ᠂ ᠨᠡᠶᠢᠯᠡᠮᠡᠯ ᠠᠮᠢᠳᠤ ᠪᠣᠳᠠᠰ᠂ ᠬᠢᠮᠡᠯ ᠣᠶᠤᠨ᠂ ᠳᠣᠤᠷ᠎ᠠ ᠤᠭᠲᠠᠷᠭᠤᠢ ᠶᠢᠨ ᠠᠵᠤ ᠠᠬᠤᠶ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠥᠬᠦ ᠬᠤᠲᠠ ᠶᠢᠨ ᠠᠵᠤ ᠠᠬᠤᠶ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠣᠯᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡ ᠪᠦᠯᠦᠭ ᠠᠵᠤ ᠦᠢᠯᠡᠰ ᠤᠨ ᠬᠡᠯᠬᠢᠶ᠎ᠡ ᠤᠷᠳᠤ᠂ ᠠᠪᠤᠴᠠᠯᠳᠤᠯ ᠤᠨ ᠬᠡᠮᠵᠢᠶ᠎ᠡ ᠪᠠᠷ ᠥᠨᠳᠥᠷ ᠶᠡᠭᠡ ᠲᠦᠷᠦᠯ ᠵᠦᠢᠯ ᠰᠠᠶᠢᠨ ᠲᠦᠷᠦᠯ ᠵᠦᠢᠯ ᠢ ᠦᠷᠭᠦᠯᠵᠢᠯᠡᠨ ᠣᠷᠣᠭᠤᠯᠤᠨ ᠠᠪᠴᠢᠷᠠᠵᠤ ᠬᠡᠷᠡᠭᠵᠢᠭᠦᠯᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠ ᠠᠵᠢᠯ ᠡᠬᠢᠯᠡᠭᠦᠯᠵᠦ ᠰᠡᠷᠭᠦᠭᠡᠬᠦ ᠶᠢ ᠠᠳᠬᠤᠵᠤ᠂ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ᠂ ᠪᠡᠯᠡ ᠮᠥᠩᠭᠦ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠠᠰᠠᠭᠤᠳᠠᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠬᠦ ᠬᠡᠷᠡᠭᠲᠡᠢ᠃ ᠬᠠᠳᠠᠭᠠᠯᠠᠭᠳᠠᠴᠠ ᠶᠢ ᠲᠣᠭᠲᠠᠪᠤᠷᠢᠵᠢᠭᠤᠯᠵᠤ ᠬᠡᠮᠵᠢᠶ᠎ᠡ ᠶᠢ ᠥᠷᠭᠡᠳᠬᠡᠨ ᠳᠠᠯᠳᠠ ᠬᠦᠴᠦᠨ ᠢ ᠠᠭᠤᠳᠠᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯᠯᠠᠭᠠᠨ ᠢ ᠬᠢᠨᠠᠨ ᠬᠡᠮᠵᠢᠵᠦ ᠲᠣᠬᠢᠷᠠᠭᠤᠯᠬᠤ ᠪᠠᠨ ᠴᠢᠩᠭᠠᠳᠬᠠᠵᠤ᠂ ᠬᠠᠶᠢᠷ᠎ᠠ ᠰᠡᠳᠬᠢᠯᠭᠡ ᠲᠠᠢ ᠪᠠᠷ ᠲᠤᠬᠠᠢ ᠶᠢᠨ ᠲᠠᠯᠠᠪᠠᠢ ᠳᠤ ᠬᠦᠷᠴᠦ ᠠᠵᠤ ᠠᠬᠤᠶᠢᠯᠠᠯ ᠳᠤ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠯᠡ ᠮᠥᠩᠭᠦ ᠶᠢ ᠨᠡᠮᠡᠭᠳᠡᠭᠦᠯᠵᠦ ᠦᠢᠯᠡᠳᠪᠦᠷᠢᠯᠡᠯ ᠢᠶᠠᠨ ᠥᠷᠭᠡᠳᠬᠡᠬᠦ᠂ ᠤᠶᠤᠨᠴᠢ ᠥᠭᠡᠷᠡᠴᠢᠯᠡᠯᠲᠡ ᠲᠤᠭᠠᠴᠢᠯᠠᠭᠰᠠᠨ ᠤᠯᠠᠷᠢᠭᠤᠯᠤᠯᠲᠠ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠪᠠᠷᠢᠮᠵᠢᠶ᠎ᠠ ᠶᠢ ᠳᠡᠭᠡᠭᠰᠢᠯᠡᠭᠦᠯᠦᠨ ᠪᠦᠷᠢᠳᠭᠡᠯ ᠳᠤ ᠤᠷᠤᠭᠤᠯᠬᠤ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠡᠷᠡᠭᠯᠡᠭᠡ ᠶᠢ ᠬᠥᠭᠵᠢᠭᠡᠵᠦ᠂ ᠤᠯᠠᠨ ᠬᠦᠷᠢᠶ᠎ᠡ ᠴᠠᠷᠠᠭ᠎ᠠ᠂ ᠤᠯᠠᠨ ᠬᠡᠯᠪᠡᠷᠢ ᠶᠢᠨ ᠠᠷᠠᠳ ᠲᠤ ᠠᠰᠢᠭ ᠬᠦᠷᠲᠡᠭᠡᠵᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ︽ᠬᠤᠶᠠᠷ ᠰᠢᠨᠡᠴᠢᠯᠡᠬᠦ︾ ᠶᠢᠨ ᠳᠡᠮᠵᠢᠯᠭᠡ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ ᠬᠡᠷᠡᠭᠯᠡᠭᠡ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠡᠨᠡᠬᠦ ᠲᠣᠮᠣ ᠶᠠᠪᠤᠳᠠᠯ ᠢ ᠭᠦᠢᠴᠡᠳ ᠬᠢᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠂ ᠲᠣᠭᠤᠷᠢᠨ ᠪᠠᠶᠢᠴᠠᠭᠠᠵᠤ ᠬᠢᠨᠠᠨ ᠪᠤᠳᠤᠬᠤ ᠵᠡᠷᠭᠡ ᠶᠢᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠶᠢᠨ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠬᠥᠮᠦᠨ ᠳᠤ ᠪᠤᠢ᠂ ᠵᠠᠩᠭᠢᠯᠠᠭ᠎ᠠ ᠨᠢ ᠬᠢᠬᠦ ᠳᠤ ᠪᠤᠢ᠃ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠪᠡᠶᠡᠴᠢ ᠴᠢᠳᠠᠮᠠᠭᠠᠢ ᠴᠢᠨᠠᠷ ᠪᠠ ᠪᠦᠲᠦᠭᠡᠯᠴᠢ ᠴᠢᠳᠠᠪᠤᠷᠢ ᠪᠠᠨ ᠪᠠᠳᠠᠷᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠢᠶᠠᠷ ᠠᠵᠤ ᠠᠬᠤᠢ ᠶᠢ ᠠᠳᠬᠤᠵᠤ᠂ ᠪᠣᠳᠠᠲᠠᠢ ᠠᠷᠭ᠎ᠠ ᠬᠡᠮᠵᠢᠶ᠎ᠡ ᠠᠪᠴᠤ ᠬᠥᠭᠵᠢᠯᠲᠡ ᠶᠢᠨ ᠳᠤᠮᠳᠠ ᠠᠰᠠᠭᠤᠳᠠᠯ ᠢ ᠰᠢᠢᠳᠪᠦᠷᠢᠯᠡᠵᠦ᠂ ᠦᠨᠡᠨ ᠬᠦ ᠬᠠᠷᠢᠭᠤᠴᠠᠯᠭ᠎ᠠ ᠡᠭᠦᠷᠭᠡᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠶᠠᠳᠤᠭᠠᠷ ᠤᠯᠠᠷᠢᠯ ᠪᠠ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠪᠡ᠃      ᠬᠠᠮᠢᠶ᠎ᠠ ᠪᠥᠬᠦᠶ ᠬᠤᠲᠠ ᠶᠢᠨ ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠰᠠᠯᠠᠭ᠎ᠠ ᠮᠥᠴᠢᠷ᠂ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ