ᠬᠥᠬᠡᠬᠤᠲᠠ ᠶᠢᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠵᠢᠴᠢ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠥᠳᠡᠯᠮᠦᠷᠢ ᠶᠢᠨ ᠵᠢᠱᠢᠶᠡᠴᠢ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/28
      ︵ᠰᠤᠷᠪᠤᠯᠵᠢᠯᠠᠭᠴᠢ ᠯᠢᠦᠢ ᠬᠤᠢ ᠱᠧᠩ︶ 4 ᠳ᠋ᠦ᠋ᠭᠡᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠵᠢᠴᠢ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠥᠳᠡᠯᠮᠦᠷᠢ ᠶᠢᠨ ᠵᠢᠱᠢᠶᠡᠴᠢ ᠶᠢᠨ ᠶᠠᠷᠢᠯᠴᠠᠬᠤ ᠬᠤᠷᠠᠯ ᠬᠤᠷᠠᠯᠳᠤᠪᠠ᠃      ᠶᠠᠷᠢᠯᠴᠠᠬᠤ ᠬᠤᠷᠠᠯ ᠳᠡᠭᠡᠷ᠎ᠡ᠂ ᠡᠯ᠎ᠡ ᠹᠷᠣᠨᠲ ᠠᠴᠠ ᠢᠷᠡᠭᠰᠡᠨ 9 ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠤ ᠲᠥᠯᠥᠭᠡᠯᠡᠭᠴᠢ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢᠨ ᠲᠣᠭᠤᠷᠢᠨ ᠳᠤ᠂ ᠦᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠳᠠᠯᠢ ᠪᠤᠰᠤ ᠬᠠᠷᠠᠭᠠᠰᠤ ᠠᠴᠠ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠬᠡᠷᠬᠢᠨ ᠪᠠᠳᠠᠷᠠᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠢ ᠣᠯᠤᠯᠲᠠ ᠲᠥᠷᠥᠭᠳᠡᠯ ᠢᠶᠠᠨ ᠶᠠᠷᠢᠵᠤ᠂ ᠬᠤᠪᠢ ᠬᠤᠪᠢᠨ ᠤ ᠠᠷᠭ᠎ᠠ ᠬᠢᠳᠡᠯ ᠪᠠ ᠲᠤᠷᠰᠢᠯᠭ᠎ᠠ ᠪᠠᠨ ᠬᠤᠪᠢᠶᠠᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠲᠠ ᠶᠢᠨ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠲᠣᠰ ᠤᠳᠠᠭᠠᠨ ᠤ ᠬᠥᠳᠡᠯᠮᠦᠷᠢ ᠶᠢᠨ ᠵᠢᠱᠢᠶᠡᠴᠢ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠠᠶᠢᠲᠤᠷ ᠤᠯᠠᠮᠵᠢᠯᠠᠵᠤ᠂ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠠᠵᠢᠯ ᠢ ᠰᠠᠶᠢᠲᠤᠷ ᠬᠢᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠤᠲᠠᠲᠤ ᠠᠵᠢᠯᠯᠠᠭ᠎ᠠ ᠪᠣᠯᠭᠠᠨ ᠤᠯᠠᠷᠢᠭᠤᠯᠵᠤ᠂ ᠡᠨᠡ ᠬᠦ ᠵᠣᠷᠢᠭ ᠰᠠᠨᠠᠭ᠎ᠠ ᠶᠢᠨ ᠮᠥᠨ ᠴᠢᠨᠠᠷ ᠢ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠲᠥᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠪᠡ᠃      ᠬᠤᠷᠠᠯ ᠠᠴᠠ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠤᠳᠤᠷᠢᠳᠤᠯᠭ᠎ᠠ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ 5 ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠤ ᠲᠥᠯᠥᠭᠡᠯᠡᠭᠴᠢ ᠶᠢ ᠲᠣᠬᠤᠨᠢᠭᠤᠯᠪᠠ᠃   
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ