ᠭᠦᠭᠡᠬᠤᠲᠠ ᠠᠭᠤᠷᠬᠠᠢ ᠬᠠᠶᠢᠬᠤ ᠡᠷᠬᠡ ᠪᠠ ᠠᠭᠤᠷᠬᠠᠢ ᠮᠠᠯᠲᠠᠬᠤ ᠡᠷᠬᠡ ᠶᠢ ᠢᠯᠡ ᠨᠡᠶᠢᠲᠡᠯᠡᠬᠦ ᠨᠣᠷᠮ᠎ᠠ ᠶᠢ 100% ᠳᠤ ᠬᠦᠷᠭᠡᠵᠡᠢ
ᠨᠡᠶᠢᠲᠡᠯᠡᠭᠰᠡᠨ ᠴᠠᠭ᠄
2025/4/28
      ᠲᠦᠷᠦᠭᠦᠬᠡᠨ᠂ ᠭᠦᠭᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨ 2025 ᠣᠨ ᠤ ᠠᠭᠤᠷᠬᠠᠢ ᠶᠢᠨ ᠦᠢᠯᠡᠰ ᠤᠨ ᠡᠷᠬᠡᠲᠦ ᠬᠥᠮᠥᠨ ᠤ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠠᠭᠤᠷᠬᠠᠢ ᠬᠠᠶᠢᠬᠤ ᠡᠷᠬᠡ ᠪᠠ ᠠᠭᠤᠷᠬᠠᠢ ᠮᠠᠯᠲᠠᠬᠤ ᠡᠷᠬᠡ ᠶᠢ ᠢᠯᠡ ᠨᠡᠶᠢᠲᠡᠯᠡᠬᠦ ᠨᠣᠷᠮ᠎ᠠ ᠶᠢ 100% ᠳᠤ ᠬᠦᠷᠭᠡᠬᠦ ᠬᠠᠷᠠᠯᠲᠠ ᠶᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠢᠯᠡ ᠨᠡᠶᠢᠲᠡᠯᠡᠬᠦ ᠠᠵᠢᠯ ᠪᠦᠭᠦ ᠬᠤᠲᠠ ᠶᠢᠨ ᠠᠭᠤᠷᠬᠠᠢ ᠳᠤ ᠬᠤᠯᠪᠣᠭᠳᠠᠬᠤ ᠬᠤᠰᠢᠭᠤ ᠰᠢᠶᠠᠨ ᠲᠣᠭᠤᠷᠢᠭ  ᠢ ᠪᠦᠭᠦᠨ ᠢ ᠬᠠᠮᠤᠷᠴᠤ᠂ ︽ᠭᠤᠷᠪᠠᠨ ᠠᠯᠬᠤᠮ ᠢᠶᠠᠷ ᠶᠠᠪᠤᠬᠤ︾ ᠠᠷᠭ᠎ᠠ ᠪᠣᠳᠣᠯᠭ᠎ᠠ ᠪᠠᠷ ᠳᠠᠮᠵᠢᠭᠤᠯᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠠᠰᠤ ᠴᠢᠨᠠᠷ ᠢ ᠦᠨᠡᠨ ᠬᠦ ᠪᠠᠲᠤᠯᠠᠪᠠ᠃ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠳᠣᠲᠣᠷᠠᠬᠢ ᠢᠯᠡ ᠨᠡᠶᠢᠲᠡᠯᠡᠬᠦ ᠶᠣᠰᠣᠲᠠᠢ ᠠᠭᠤᠷᠬᠠᠢ ᠶᠢᠨ ᠦᠢᠯᠡᠰ ᠤᠨ ᠡᠷᠬᠡ ᠶᠢ ᠪᠦᠭᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠬᠥᠳᠡᠯᠦᠩᠭᠦᠢ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠤᠨ᠂ ᠢᠯᠡ ᠨᠡᠶᠢᠲᠡᠯᠡᠬᠦ ᠡᠲᠡᠭᠡᠳ ᠤᠨ ︽ᠢᠯᠡ ᠨᠡᠶᠢᠲᠡᠯᠡᠪᠡᠰᠦ ᠵᠣᠬᠢᠬᠤ ᠶᠢ ᠨᠢ ᠴᠥᠮ ᠢᠯᠡ ᠨᠡᠶᠢᠲᠡᠯᠡᠬᠦ︾ ᠶᠢ ᠦᠨᠡᠨ ᠬᠦ ᠪᠠᠲᠤᠯᠠᠪᠠ; ᠰᠦᠯᠵᠢᠶᠡᠨ ᠳᠡᠭᠡᠷᠡᠬᠢ ᠪᠣᠯᠪᠠᠰᠤᠷᠠᠯ᠂ ᠲᠤᠬᠠᠢ ᠶᠢᠨ ᠲᠠᠯᠠᠪᠠᠶ ᠶᠢᠨ ᠵᠢᠯᠣᠭᠤᠳᠤᠯᠭ᠎ᠠ᠂ ᠤᠲᠠᠰᠤ ᠪᠠᠷ ᠮᠠᠳᠠᠭ ᠲᠠᠢ ᠠᠰᠠᠭᠤᠯᠲᠠ ᠶᠢ ᠬᠠᠷᠢᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠠᠭᠤᠷᠬᠠᠢ ᠶᠢᠨ ᠦᠢᠯᠡᠰ ᠤᠨ ᠡᠷᠬᠡᠲᠦ ᠬᠥᠮᠥᠨ ᠤ ᠢᠯᠡ ᠨᠡᠶᠢᠲᠡᠯᠡᠬᠦ ᠠᠵᠢᠯ ᠢ ᠥᠷᠨᠢᠭᠦᠯᠬᠦ ᠳᠤ ᠲᠠᠭᠯᠠᠨ ᠮᠡᠳᠡᠭᠦᠯᠬᠦ ᠲᠤᠰᠬᠠᠢ ᠵᠦᠢᠯ ᠤᠨ ᠬᠠᠪᠰᠤᠷᠤᠨ ᠵᠢᠯᠣᠭᠤᠳᠤᠯᠭ᠎ᠠ ᠥᠷᠨᠢᠭᠦᠯᠵᠦ᠂ ᠰᠢᠰᠲ᠋ᠧᠮ ᠤᠨ ᠠᠵᠢᠯᠯᠠᠭᠠᠨ ᠤ ᠳᠡᠰ ᠳᠠᠷᠠᠭᠠᠯᠠᠯ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠲᠠᠭᠯᠠᠨ ᠮᠡᠳᠡᠭᠦᠯᠬᠦ ᠠᠭᠤᠯᠭ᠎ᠠ ᠶᠢ ᠵᠢᠷᠤᠮᠵᠢᠭᠤᠯᠵᠠᠢ; ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠷᠢᠭᠤᠴᠠᠨ ᠲᠠᠭᠯᠠᠨ ᠮᠡᠳᠡᠭᠦᠯᠬᠦ ᠠᠭᠤᠯᠭ᠎ᠠ ᠳᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ ᠪᠠᠷᠢᠮᠲᠠᠯᠠᠨ᠂ ᠠᠭᠤᠷᠬᠠᠢ  ᠶᠢᠨ ᠦᠢᠯᠡᠰ ᠤᠨ ᠡᠷᠬᠡ ᠶᠢᠨ ᠬᠠᠮᠢᠶ᠎ᠠ ᠪᠦᠬᠦᠢ ᠦᠨᠳᠦᠰᠦᠨ ᠮᠡᠳᠡᠭᠡ ᠵᠠᠩᠭᠢ ᠶᠢ ᠦᠨᠡᠨ ᠪᠣᠳᠠᠲᠠᠢ ᠪᠠᠷ ᠨᠢ ᠲᠠᠭᠯᠠᠨ ᠮᠡᠳᠡᠭᠦᠯᠵᠦ᠂ ᠢᠯᠡ ᠨᠡᠶᠢᠲᠡᠯᠡᠬᠦ ᠠᠭᠤᠯᠭ᠎ᠠ  ᠨᠢ ᠪᠦᠭᠦ ᠲᠠᠯ᠎ᠠ ᠶᠢᠨ ᠦᠨᠡᠨ ᠪᠣᠳᠠᠲᠠᠢ᠂ ᠯᠣᠭᠢᠭ ᠲᠣᠳᠣᠷᠬᠠᠢ᠂ ᠲᠤᠭ᠎ᠠ ᠪᠠᠷᠢᠮᠲᠠ ᠨᠢ ᠣᠨᠣᠪᠴᠢᠲᠠᠶ ᠪᠠᠶᠢᠬᠤ ᠶᠢ ᠪᠡᠶᠡᠯᠡᠭᠦᠯᠪᠡ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ