ᠴᠠᠭᠠᠨ ᠰᠠᠷ᠎ᠠ ᠶᠢᠨ ᠤᠷᠢᠵᠤ ᠡᠯᠰᠡᠬᠦ ᠴᠤᠭᠯᠠᠭᠠᠨ ᠠᠴᠠ ᠬᠤᠳᠠᠯᠳᠤᠭᠠᠨ ᠤ ᠲᠤᠭᠤᠷᠢᠭ ᠲᠠᠬᠢ ᠠᠵᠢᠯ ᠡᠷᠢᠬᠦ ᠥᠷᠨᠢᠯᠲᠡ ᠬᠦᠷᠲᠡᠯ᠎ᠡ᠂ 2025 ᠣᠨ ᠤ 1 ᠳ᠋ᠦ᠋ᠭᠡᠷ | ᠰᠠᠷ᠎ᠠ ᠠᠴᠠ 4 ᠳ᠋ᠦ᠋ᠭᠡᠷ ᠰᠠᠷ᠎ᠠ ᠪᠣᠯᠲᠠᠯ᠎ᠠ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ᠬᠦᠴᠦᠯᠡᠨ | ᠴᠢᠷᠮᠠᠶᠢᠬᠤ︾ ᠡᠷᠴᠢ ᠵᠣᠷᠢᠭ᠂ ︽ᠪᠣᠳᠠᠲᠠᠢ︾ ᠣᠪᠣᠷ ᠰᠤᠷᠲᠠᠯ ᠢᠶᠠᠷ ᠨᠢᠭᠡᠨ ᠬᠤᠪᠢ ᠯᠠᠪᠳᠠᠭᠤᠨ ᠠᠵᠢᠯ ᠣᠯᠭᠤᠯᠲᠠ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠵᠠᠢ᠃ 334 | ᠲᠠᠯᠠᠪᠤᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠠᠵᠢᠯᠯᠠᠭ᠎ᠠ᠂ 1.11 ᠲᠦᠮᠡᠨ ᠠᠵᠤ ᠠᠬᠤᠶᠢᠯᠠᠯ ᠣᠷᠣᠯᠴᠠᠵᠤ᠂ 16 ᠲᠦᠮᠡᠨ ᠠᠵᠢᠯ | ᠣᠯᠭᠤᠯᠲᠠ ᠶᠢᠨ ᠠᠵᠢᠯ ᠤᠨ ᠪᠠᠶᠢᠷᠢ ᠵᠡᠷᠭᠡ ᠲᠤᠭ᠎ᠠ ᠨᠢ ᠤᠷᠤᠨ ᠤ ᠲᠥᠪ ᠬᠤᠲᠠ ᠶᠢᠨ ᠬᠥᠳᠡᠯᠮᠦᠷᠢᠴᠢᠳ ᠲᠤ ︽ᠠᠮᠤᠷ ᠲᠣᠭᠲᠠᠭᠤᠨ ᠵᠣᠯ ᠵᠢᠷᠭᠠᠯ︾ ᠤᠨ ᠠᠮᠠᠯᠠᠯᠲᠠ ᠪᠠᠨ | ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ | 108 ᠲᠠᠯᠠᠪᠠᠢ ︽ᠤᠷᠢᠬᠠᠨ ᠰᠠᠯᠬᠢᠨ ᠤ ᠠᠵᠢᠯᠯᠠᠭ᠎ᠠ︾ ᠨᠢ ︽ᠠᠵᠢᠯ ᠡᠷᠢᠬᠦ ᠳᠤ ᠡᠭᠦᠳᠡ ᠲᠠᠢ᠂ ᠠᠵᠢᠯ ᠣᠯᠬᠤ ᠳᠤ ᠵᠠᠮ ᠲᠠᠢ︾ ᠪᠤᠯᠭᠠᠪᠠ | ︽ᠴᠠᠭᠠᠨ ᠰᠠᠷ᠎ᠠ ᠦᠩᠭᠡᠷᠡᠮᠡᠭᠴᠡ ᠠᠵᠢᠯ ᠣᠯᠵᠤ᠂ ᠰᠠᠨᠠᠭ᠎ᠠ ᠠᠭᠤᠵᠢᠷᠠᠯ᠎ᠠ︕︾ 2 ᠳ᠋ᠤᠭᠠᠷ ᠰᠠᠷ᠎ᠠ ᠶᠢᠨ 11 ᠤ ᠡᠳᠦᠷ ᠡᠬᠢᠯᠡᠭᠰᠡᠨ ︽ᠤᠷᠢᠬᠠᠨ ᠰᠠᠯᠬᠢᠨ ᠤ ᠠᠵᠢᠯᠯᠠᠭ᠎ᠠ — | ᠰᠢᠨ᠎ᠡ ᠵᠢᠯ ᠤᠨ ᠠᠩᠬᠠᠨ ᠤ ᠡᠯᠰᠡᠯᠲᠡ︾ ᠰᠢᠷᠢᠰ ᠤᠷᠢᠵᠤ ᠡᠯᠰᠡᠬᠦ ᠠᠵᠢᠯᠯᠠᠭ᠎ᠠ ᠨᠢ ᠠᠵᠢᠯ ᠡᠷᠢᠭᠰᠡᠳ ᠤᠨ ᠦᠭᠭᠢᠶᠡᠮᠦᠷ ᠬᠤᠷ᠎ᠠ ᠪᠤᠯᠵᠠᠢ᠃ 5 ᠶᠡᠭᠡ ᠲᠥᠷᠥᠯ ᠤᠨ 108 | ᠲᠠᠯᠠᠪᠤᠷ ᠠᠵᠢᠯᠲᠠᠨ ᠡᠯᠰᠡᠬᠦ ᠠᠵᠢᠯᠯᠠᠭ᠎ᠠ ᠨᠢ ᠬᠠᠪᠤᠷ ᠤᠨ ᠤᠯᠠᠷᠢᠯ ᠤᠨ ᠲᠣᠮᠣ ᠬᠡᠯᠪᠡᠷᠢ ᠶᠢᠨ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ᠂ ︽ᠭᠠᠷᠠᠭ ᠪᠦᠷᠢ ᠶᠢᠨ ᠨᠡᠪᠲᠡᠷᠡᠭᠦᠯᠭᠡ︾ | ᠶᠢᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ᠂ ᠣᠷᠣᠨ ᠪᠦᠰᠡ ᠠᠯᠤᠰᠯᠠᠨ ᠴᠢᠳᠠᠪᠤᠷᠢᠲᠠᠨ ᠢ ᠲᠠᠲᠠᠬᠤ ᠵᠡᠷᠭᠡ ᠬᠡᠯᠪᠡᠷᠢ ᠶᠢ ᠬᠠᠮᠤᠷᠴᠤ᠂ | ᠨᠢᠭᠤᠷᠳᠠᠭᠰᠠᠨ ᠰᠤᠯᠢᠯᠴᠠᠭ᠎ᠠ ᠪᠠᠶᠢᠬᠤ ᠮᠥᠷᠲᠡᠭᠡᠨ ᠪᠠᠰᠠ ᠡᠭᠦᠯᠡᠨ ᠳᠡᠭᠡᠷ᠎ᠡ ᠠᠵᠢᠯ ᠡᠷᠢᠬᠦ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠤᠷᠢᠶᠠᠯ ᠪᠤᠯᠵᠠᠢ᠃ ᠠᠵᠢᠯᠯᠠᠭ᠎ᠠ ᠶᠢᠨ | ᠬᠤᠭᠤᠴᠠᠭᠠᠨ ᠳᠤ᠂ ᠴᠥᠭᠡᠨ ᠪᠤᠰᠤ ᠠᠵᠢᠯ ᠡᠷᠢᠭᠰᠡᠳ ᠰᠢᠭᠤᠳ ᠨᠡᠪᠲᠡᠷᠡᠭᠦᠯᠭᠡ ᠶᠢᠨ ᠲᠠᠰᠤᠭ ᠲᠤ ᠦᠭᠡ ᠦᠯᠡᠳᠡᠭᠡᠬᠦ ᠪᠠ ᠨᠡᠪᠲᠡᠷᠡᠭᠦᠯᠦᠭᠴᠢ ᠲᠠᠢ ᠥᠨᠳᠥᠷ ᠪᠦᠲᠦᠮᠵᠢᠲᠡᠢ | ᠬᠥᠳᠡᠯᠦᠯᠴᠡᠵᠦ᠂ ᠭᠡᠷ ᠠᠴᠠ ᠪᠠᠨ ᠭᠠᠷᠬᠤ ᠦᠭᠡᠢ ᠪᠠᠷ ᠰᠡᠳᠬᠢᠯ ᠳᠤ ᠲᠤᠬᠢᠷᠠᠭᠰᠠᠨ ᠠᠵᠢᠯ ᠤᠨ ᠪᠠᠶᠢᠷᠢ ᠪᠠᠨ ᠰᠤᠩᠭᠤᠵᠤ᠂᠂ ︽ᠠᠵᠢᠯ ᠡᠷᠢᠬᠦ ᠡᠭᠦᠳᠡ ᠲᠠᠢ᠂ ᠠᠵᠢᠯ ᠣᠯᠬᠤ ᠳᠤ | ᠵᠠᠮ ᠲᠠᠢ︾ ᠪᠠᠶᠢᠬᠤ ᠶᠢ ᠦᠨᠡᠨ ᠬᠦ ᠪᠡᠶᠡᠯᠡᠭᠦᠯᠪᠡ᠃ | ᠠᠵᠢᠯᠲᠠᠨ ᠡᠯᠰᠡᠬᠦ ᠴᠤᠭᠯᠠᠭᠠᠨ ᠢ ᠬᠤᠳᠠᠯᠳᠤᠭᠠᠨ ᠤ ᠲᠣᠭᠤᠷᠢᠭ ᠲᠤ ᠤᠷᠤᠭᠤᠯᠵᠤ᠂ ᠵᠡᠭᠡᠯᠢ ᠲᠤᠭᠤᠷᠢᠬᠤ ᠪᠠ ᠠᠵᠢᠯ ᠡᠷᠢᠬᠦ ᠠᠯᠢ ᠶᠢ ᠨᠢ ᠴᠦ ᠰᠠᠭᠠᠲᠠᠭᠠᠬᠤ ᠦᠭᠡᠢ | ᠴᠠᠢ ᠶᠢᠨ ᠮᠤᠬᠤᠯᠠᠭ ᠤᠨ ᠬᠠᠵᠠᠭᠤ ᠳᠤ ᠲᠣᠪᠴᠢ ᠨᠠᠮᠲᠠᠷ ᠲᠤᠰᠢᠶᠠᠵᠤ᠂ ᠬᠤᠪᠴᠠᠰᠤ ᠲᠤᠷᠰᠢᠬᠤ ᠲᠠᠰᠤᠭ ᠤᠨ ᠭᠠᠳᠠᠨ᠎ᠠ ᠴᠠᠯᠢᠩ ᠬᠡᠯᠡᠯᠴᠡᠵᠦ ᠪᠣᠯᠤᠨ᠎ᠠ ᠤᠤ︖ ᠡᠨᠡ | ᠵᠢᠯ ᠤᠨ ᠡᠬᠢ ᠪᠠᠷ᠂ ᠬᠥᠬᠡᠬᠤᠲᠠ ᠠᠵᠢᠯᠲᠠᠨ ᠡᠯᠰᠡᠬᠦ ᠴᠤᠭᠯᠠᠭᠠᠨ ᠢ ᠬᠤᠳᠠᠯᠳᠤᠭᠠᠨ ᠤ ᠲᠣᠭᠤᠷᠢᠭ ᠲᠤ ᠤᠷᠤᠭᠤᠯᠪᠠ᠃ ︽ᠨᠠᠶᠢᠵᠠ ᠲᠠᠢ ᠪᠠᠨ ᠵᠡᠭᠡᠯᠢ ᠲᠣᠭᠤᠷᠢᠵᠤ ᠪᠠᠶᠢᠭᠠᠳ | ᠠᠵᠢᠯ ᠤᠯᠴᠢᠬᠠᠨ᠎ᠠ ᠭᠡᠵᠦ ᠪᠣᠳᠣᠵᠤ ᠣᠯᠤᠭᠰᠠᠨ ᠦᠭᠡᠢ︾ ᠰᠢ ᠤᠪᠤᠭᠲᠤ ᠶᠢᠨ ᠤᠴᠠᠷᠠᠯ ᠪᠣᠯ ᠶᠠᠭ ᠬᠤᠳᠠᠯᠳᠤᠭᠠᠨ ᠤ ᠲᠣᠭᠤᠷᠢᠭ ᠲᠤ ᠠᠵᠢᠯᠲᠠᠨ ᠡᠯᠰᠡᠬᠦ ᠴᠤᠭᠯᠠᠭᠠᠨ ᠤ | ᠠᠮᠢᠳᠤᠯᠢᠭ ᠵᠢᠷᠤᠭᠯᠠᠯ ᠮᠥᠨ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠠᠨᠠᠭᠠᠨ ᠳᠤ ᠦᠭᠡᠢ ᠠᠵᠠᠲᠠᠨ ᠪᠠᠶᠢᠬᠤ ᠪᠠᠷ ᠪᠠᠷᠠᠬᠤ ᠦᠭᠡᠢ ᠪᠠᠰᠠ ᠲᠤᠰᠬᠠᠢ ᠠᠵᠢᠯ ᠡᠷᠢᠭᠴᠢ | ᠪᠣᠶ᠃ ᠠᠵᠤ ᠠᠬᠤᠶᠢᠯᠠᠯ ᠤᠨ ᠦᠵᠡᠭᠦᠯᠭᠡ ᠶᠢᠨ ᠪᠠᠶᠢᠷᠢ ᠨᠢ ᠬᠤᠳᠠᠯᠳᠤᠭᠠᠨ ᠤ ᠫᠦᠰᠡ ᠲᠠᠢ ᠬᠥᠷᠰᠢᠯᠡᠵᠦ᠂ ᠺᠣᠹᠧ ᠶᠢᠨ ᠦᠨᠦᠷ ᠨᠢ ᠠᠵᠢᠯᠲᠠᠨ ᠡᠯᠰᠡᠬᠦ ᠮᠡᠳᠡᠭᠡ ᠵᠠᠩᠭᠢ ᠲᠠᠢ | ᠰᠣᠯᠪᠢᠴᠠᠭᠰᠠᠨ ᠰᠢᠨ᠎ᠡ ᠵᠠᠭᠪᠤᠷ ᠨᠢ 1 ᠳ᠋ᠦ᠋ᠭᠡᠷ ᠰᠠᠷ᠎ᠠ ᠠᠴᠠ 4 ᠳ᠋ᠦ᠋ᠭᠡᠷ ᠰᠠᠷ᠎ᠠ ᠪᠣᠯᠲᠠᠯᠠᠬᠢ ᠬᠤᠳᠠᠯᠳᠤᠭᠠᠨ ᠤ ᠲᠣᠭᠤᠷᠢᠭ ᠤᠨ ᠠᠵᠢᠯᠲᠠᠨ ᠡᠯᠰᠡᠬᠦ ᠴᠤᠭᠯᠠᠭᠠᠨ ᠢ ᠰᠦᠷ ᠳᠠᠯᠠᠶᠢᠴᠠᠲᠠᠶ | ᠶᠠᠪᠤᠭᠳᠠᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠨ᠎ᠡ ᠶᠢ ᠡᠭᠦᠳᠬᠦ ︽ᠠᠯᠲᠠᠨ ᠦᠰᠦᠭᠲᠦ ᠫᠠᠶᠢᠰᠠ︾ ᠪᠣᠯᠭᠠᠪᠠ᠃ | ᠪᠣᠰᠤᠭ᠎ᠠ ᠴᠤᠭᠴᠠᠲᠤ ᠤᠷᠢᠬᠤ ᠰᠢᠰᠲ᠋ᠧᠮᠵᠢ ᠶᠢ ᠪᠠᠶᠢᠭᠤᠯᠵᠤ᠂ ᠲᠤᠭ᠎ᠠ ᠪᠠᠷᠢᠮᠲᠠ ᠪᠠᠷ ᠡᠨᠧᠷᠭᠢ ᠣᠯᠭᠤᠵᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠪᠡ | ᠬᠥᠬᠡᠬᠤᠲᠠ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠮᠵᠢᠯᠴᠠᠬᠤ + ᠲᠤᠭᠠᠴᠢᠯᠠᠭᠰᠠᠨ ᠮᠡᠷᠭᠡᠵᠢᠯ ᠤᠨ ᠭᠦᠨᠵᠡᠭᠡᠢ ᠴᠢᠳᠠᠪᠤᠷᠢ ᠤᠯᠭᠤᠬᠤ︾ ᠪᠣᠰᠤᠭ᠎ᠠ | ᠴᠣᠭᠴᠠᠲᠤ ᠤᠷᠢᠵᠤ ᠡᠯᠰᠡᠬᠦ ᠰᠢᠰᠲ᠋ᠧᠮᠵᠢ ᠶᠢ ᠡᠭᠦᠳᠦᠨ ᠪᠠᠢᠭᠤᠯᠪᠠ᠃ ᠰᠦᠯᠵᠢᠶᠡᠨ ᠳᠡᠭᠡᠷ᠎ᠡ᠂ AI ᠲᠤᠭᠠᠴᠢᠯᠠᠭᠰᠠᠨ ᠬᠥᠮᠦᠨ ᠪᠣᠯᠤᠨ ᠨᠡᠪᠲᠡᠷᠡᠭᠦᠯᠦᠭᠴᠢ ᠬᠠᠷᠢᠯᠴᠠᠨ ᠬᠠᠮᠵᠢᠯᠴᠠᠵᠤ᠂ | ᠰᠦᠯᠵᠢᠶᠡᠨ ᠭᠠᠳᠠᠨ᠎ᠠ᠂ ᠨᠠᠷᠢᠨ ᠨᠢᠮᠪᠠᠶ ᠲᠥᠰᠦᠪᠯᠡᠭᠰᠡᠨ ᠲᠤᠰᠬᠠᠶ ᠠᠵᠢᠯᠲᠠᠨ ᠡᠯᠰᠡᠬᠦ ᠴᠤᠭᠯᠠᠭᠠᠨ ᠬᠥᠮᠦᠰ ᠤᠨ ᠬᠦᠷᠢᠶᠡᠯᠡᠯ ᠢ ᠣᠯᠵᠤ᠂ ᠤᠯᠠᠮᠵᠢᠯᠠᠯᠲᠤ ᠳᠠᠭᠠᠭᠤᠯᠤᠭᠴᠢ ᠠᠵᠤ | ᠠᠬᠤᠶᠢᠯᠠᠯ ᠬᠢᠭᠡᠳ ᠰᠢᠨ᠎ᠡ ᠪᠠᠷ ᠬᠥᠭᠵᠢᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠬᠠᠮᠲᠤ ᠪᠠᠷ ᠴᠢᠳᠠᠪᠤᠷᠢᠲᠠᠨ ᠤᠷᠢᠵᠠᠶ᠃ ᠦᠢᠯᠡᠳᠬᠡᠯ ᠤᠨ ᠦᠢᠯᠡᠰ᠂ ᠮᠡᠳᠡᠭᠡ ᠵᠠᠩᠭᠢ | ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠤᠨ ᠪᠦᠲᠦᠭᠡᠯᠴᠢ ᠰᠠᠨᠠᠭ᠎ᠠ ᠵᠡᠷᠭᠡ ᠬᠠᠯᠠᠮᠰᠢᠯ ᠬᠦᠷᠢᠶᠡᠨ ᠤ 16 ᠲᠦᠮᠡᠨ ᠠᠵᠢᠯ ᠤᠨ ᠪᠠᠶᠢᠷᠢ ᠳᠤ 218 ᠲᠦᠮᠡᠨ ᠬᠥᠮᠦᠨ ᠤᠳᠠᠭ᠎ᠠ ᠶᠢᠨ | ᠠᠵᠢᠯ ᠡᠷᠢᠭᠰᠡᠳ ᠤᠨ ᠠᠩᠬᠠᠷᠤᠯ ᠢ ᠲᠠᠲᠠᠵᠤ᠂ ᠨᠡᠶᠢᠳᠡ 5.8 ᠲᠦᠮᠡᠨ ᠬᠤᠪᠢ ᠲᠣᠪᠴᠢ ᠨᠠᠮᠲᠠᠷ ᠢ ᠬᠦᠯᠢᠶᠡᠨ ᠠᠪᠤᠪᠠ᠃ | ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠴᠤᠭᠯᠠᠭᠠᠨ + ᠪᠤᠯᠪᠠᠰᠤᠷᠠᠭᠤᠯᠤᠯ᠂ ︽ᠠᠵᠢᠯ ᠣᠯᠭᠤᠬᠤ + ᠠᠳᠠᠯ ᠦᠢᠯᠡᠰ ᠴᠣᠭᠴᠠᠯᠠᠬᠤ︾ ᠬᠤᠤᠰ ᠬᠦᠷᠳᠦ ᠪᠠᠷ | ᠬᠥᠳᠡᠯᠭᠡᠭᠦᠷ ᠪᠤᠯᠭᠠᠪᠠ | 11 ᠶᠡᠭᠡ ᠳᠡᠭᠡᠳᠦ ᠰᠤᠷᠭᠠᠭᠤᠯᠢ᠂ 1000 ᠭᠠᠷᠤᠶ ᠠᠵᠤ ᠠᠬᠤᠶᠢᠯᠠᠯ᠂ 3.5 ᠲᠦᠮᠡᠨ ᠠᠵᠢᠯ ᠤᠨ ᠪᠠᠶᠢᠷᠢ ᠁ 1 ᠳ᠋ᠦ᠋ᠭᠡᠷ ᠰᠠᠷ᠎ᠠ ᠠᠴᠠ 4 ᠳ᠋ᠦ᠋ᠭᠡᠷ ᠰᠠᠷ᠎ᠠ ᠪᠣᠯᠲᠠᠯ᠎ᠠ᠂ | ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠳᠤ ᠬᠦᠷᠴᠦ᠂ ︽ᠠᠵᠢᠯ ᠣᠯᠭᠤᠬᠤ + ᠠᠳᠠᠯ ᠦᠢᠯᠡᠰ ᠴᠣᠭᠴᠠᠯᠠᠬᠤ︾ | ᠠᠭᠤᠰᠤᠯᠴᠠᠭᠰᠠᠨ ᠰᠢᠨ᠎ᠡ ᠬᠡᠪ ᠵᠠᠭᠪᠤᠷ ᠢ ᠡᠭᠦᠳᠴᠦ᠂ ᠲᠤᠰᠬᠠᠢ ᠲᠠᠯᠠᠪᠤᠷ ᠠᠵᠢᠯᠲᠠᠨ ᠡᠯᠰᠡᠬᠦ ᠴᠤᠭᠯᠠᠭᠠᠨ ᠠᠴᠠ ᠭᠠᠳᠠᠨ᠎ᠠ᠂ ᠪᠠᠰᠠ ᠠᠳᠠᠯ ᠦᠢᠯᠡᠰ ᠴᠣᠭᠴᠠᠯᠠᠬᠤ ᠪᠣᠯᠪᠠᠰᠤᠷᠠᠯ | ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠴᠥᠭᠡᠨ ᠪᠤᠰᠤ ᠰᠤᠷᠤᠭᠴᠢᠳ ᠲᠣᠪᠴᠢ ᠨᠠᠮᠲᠠᠷ ᠲᠤᠰᠢᠶᠠᠬᠤ ᠶᠢᠨ ᠳᠠᠭᠠᠤ ᠦᠢᠯᠡᠰ ᠪᠤᠰᠬᠠᠬᠤ ᠲᠦᠷᠦ ᠶᠢᠨ | ᠪᠤᠳᠤᠯᠭ᠎ᠠ ᠶᠢᠨ ᠲᠤᠬᠠᠢ ᠠᠰᠠᠭᠤᠨ ᠯᠠᠪᠯᠠᠵᠤ᠂ ᠨᠡᠩ ᠤᠯᠠᠨ ᠰᠣᠩᠭᠤᠯᠲᠠ ᠲᠠᠢ ᠪᠤᠯᠵᠠᠢ᠃ | ᠵᠢᠯ ᠤᠨ ᠡᠬᠢᠨ ᠠᠴᠠ 4 ᠳ᠋ᠦ᠋ᠭᠡᠷ ᠰᠠᠷ᠎ᠠ ᠪᠣᠯᠲᠠᠯ᠎ᠠ᠂ ᠬᠥᠬᠡᠬᠤᠲᠠ ᠶᠢᠨ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠠᠷᠠᠳ ᠤᠨ ᠪᠠᠶᠢᠳᠠᠯ ᠢ ᠠᠯᠬᠤᠮ ᠢᠶᠠᠷ ᠬᠡᠮᠵᠢᠵᠦ᠂ ᠠᠵᠢᠯᠯᠠᠭ᠎ᠠ ᠪᠠᠷ ᠢᠶᠠᠨ ᠬᠦᠰᠡᠯ ᠡᠷᠡᠮᠡᠯᠵᠡᠯ ᠳᠤ ᠬᠠᠷᠢᠭᠤ ᠦᠭᠪᠡ᠃ ᠢᠷᠡᠭᠡᠳᠦᠶ ᠳᠤ᠂ ᠦᠷᠭᠦᠯᠵᠢᠯᠡᠨ ︽ᠴᠠᠭ ᠢᠮᠠᠭᠲᠠ | ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠣᠯᠭᠤᠯᠲᠠ ᠶᠢᠨ ᠦᠢᠯᠡᠴᠢᠯᠡᠭᠡ ᠶᠢ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠭᠠᠨ ᠬᠤᠪᠢᠷᠠᠭᠤᠯᠵᠤ᠂ | ᠨᠠᠩ ᠣᠯᠠᠨ ᠬᠥᠮᠦᠨ ᠢ ᠡᠨᠡ ᠬᠦ ᠬᠠᠯᠠᠭᠤᠨ ᠬᠥᠷᠥᠰᠥᠨ ᠳᠤ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠭᠦᠯᠦᠨᠡ᠃ | ᠰᠤᠷᠪᠤᠯᠵᠢᠯᠠᠭᠴᠢ ᠳ᠋ᠢᠩ ᠴᠧᠨ ᠴᠢᠮᠡᠭᠡᠯᠡᠭᠴᠢ ᠵᠠᠩ ᠳ᠋ᠦᠸᠧ |