ᠭᠦᠭᠡᠬᠤᠲᠠ ᠪᠤᠭᠤᠲᠤ 335 ᠵᠦᠢᠯ ᠢ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠪᠣᠯᠵᠠᠢ
ᠨᠡᠶᠢᠲᠡᠯᠡᠭᠰᠡᠨ ᠴᠠᠭ᠄
2025/4/29
      ᠰᠤᠷᠪᠤᠯᠵᠢᠯᠠᠬᠴᠢ ᠭᠦᠭᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠭᠦᠭᠡᠬᠤᠲᠠ ᠪᠤᠭᠤᠲᠤ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠬᠤᠲᠠᠴᠢᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ᠲᠣᠭᠲᠠᠭᠰᠠᠨ ᠠᠴᠠ ᠨᠠᠭᠠᠰᠢ ᠣᠳᠣᠬᠠᠨ ᠪᠤᠯᠲᠠᠯ᠎ᠠ ᠭᠦᠭᠡᠬᠤᠲᠠ ᠪᠤᠭᠤᠲᠤ ᠶᠢᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠵᠦᠢᠯᠡᠰ ᠤᠨ ᠶᠡᠷᠦᠩᠬᠡᠢ ᠲᠤᠭ᠎ᠠ 335 ᠵᠦᠢᠯ ᠳᠤ ᠬᠦᠷᠴᠡᠢ᠃      ᠣᠶᠢᠯᠠᠭᠠᠭᠰᠠᠨ ᠢᠶᠠᠷ᠂ ︽ᠭᠦᠭᠡᠬᠤᠲᠠ ᠪᠤᠭᠤᠲᠤ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠬᠤᠲᠠᠴᠢᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠢ ᠨᠠᠶᠢᠳᠠᠪᠤᠷᠢᠵᠢᠭᠤᠯᠵᠤ᠂ ᠭᠦᠭᠡᠬᠤᠲᠠ᠂ ᠪᠤᠭᠤᠲᠤ ᠶᠢᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ ᠬᠤᠶᠠᠷ ᠬᠤᠲᠠ ᠶᠢᠨ ᠬᠢᠨ ᠠᠵᠢᠯ ᠶᠠᠪᠤᠳᠠᠯ᠂ ᠠᠷᠭ᠎ᠠ ᠵᠠᠮ᠂ ᠠᠵᠢᠯᠲᠠᠨ ᠵᠡᠷᠭᠡ ᠭᠤᠷᠪᠠᠨ ᠵᠠᠩᠭᠢᠯᠠᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠪᠠᠲᠤᠳᠬᠠᠨ᠂ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠭᠦᠭᠡᠬᠤᠲᠠ ᠪᠤᠭᠤᠲᠤ ᠶᠢᠨ ᠨᠡᠶᠢᠳᠡᠮ ᠭᠦᠢᠴᠡᠳᠬᠡᠬᠦ ᠦᠢᠯᠡᠴᠢᠯᠡᠭᠡᠨ ᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠦᠢᠯᠡᠴᠢᠯᠡᠭᠡᠨ ᠤ ᠭᠦᠨᠴᠡ ᠪᠠ ᠥᠷᠭᠡᠴᠡ ᠶᠢ ᠥᠷᠭᠡᠳᠬᠡᠪᠡ᠃ 2024 ᠣᠨ ᠤ ᠡᠬᠢ ᠪᠠᠷ ᠬᠤᠶᠠᠷ ᠭᠠᠵᠠᠷ ᠤᠨ ᠬᠢᠨ 192 ᠵᠦᠢᠯ ᠳᠤ ᠭᠠᠷ ᠤᠨ ᠦᠰᠦᠭ ᠵᠢᠷᠤᠵᠤ᠂ 2024 ᠣᠨ ᠤ ᠰᠡᠭᠦᠯᠴᠢ ᠪᠤᠯᠬᠤ ᠳᠤ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ᠵᠦᠢᠯᠡᠰ ᠤᠨ ᠶᠡᠷᠦᠩᠬᠡᠢ ᠲᠤᠭ᠎ᠠ 312 ᠪᠣᠯᠵᠤ᠂ ︽ᠬᠤᠶᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠳᠠᠩᠰᠠᠯᠠᠯᠲᠠ︾᠂ ︽ᠺᠤᠮᠫᠠᠨᠢ ᠶᠢᠨ ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠳᠠᠩᠰᠠᠯᠠᠯᠲᠠ ᠶᠢ ᠬᠦᠴᠦᠨ ᠦᠭᠡᠢ ᠪᠤᠯᠭᠠᠬᠤ︾ᠵᠡᠷᠭᠡ 120 ᠵᠦᠢᠯ ᠤᠨ ᠥᠨᠳᠥᠷ ᠳᠠᠪᠲᠠᠮᠵᠢᠲᠤ ᠵᠦᠢᠯᠡᠰ ᠢ ᠨᠡᠮᠡᠵᠦ᠂ ᠨᠡᠶᠢᠳᠡᠮ ᠭᠦᠢᠴᠡᠳᠬᠡᠬᠦ ᠵᠦᠢᠯᠡᠰ ᠤᠨ ᠲᠤᠭ᠎ᠠ ᠦᠳᠲᠡᠷ ᠲᠦᠷᠭᠡᠨ ᠨᠡᠮᠡᠭᠳᠡᠪᠡ᠃ 2025 ᠣᠨ ᠤ ᠡᠬᠢ ᠪᠠᠷ ᠬᠤᠶᠠᠷ ᠭᠠᠵᠠᠷ ᠤᠨ ᠬᠢᠨ ᠳᠠᠬᠢᠨᠲᠠ ᠡᠷᠲᠡ ᠲᠥᠯᠥᠪᠵᠢᠭᠦᠯᠵᠦ᠂ ᠡᠷᠲᠡ ᠬᠥᠳᠡᠯᠦᠯᠴᠡᠨ᠂ ᠡᠷᠲᠡ ᠬᠦᠴᠦᠯᠡᠵᠦ᠂ ᠬᠤᠶᠠᠷ ᠰᠠᠷ᠎ᠠ ᠶᠢᠨ ᠬᠤᠭᠤᠴᠠᠭᠠᠨ ᠳᠤ 23 ᠵᠦᠢᠯᠡᠰ ᠢ ᠨᠡᠮᠡᠵᠦ᠂ ᠣᠳᠣᠬᠠᠨ ᠳᠤ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠵᠦᠢᠯᠡᠰ ᠤᠨ ᠶᠡᠷᠦᠩᠬᠡᠢ ᠲᠤᠭ᠎ᠠ ᠨᠢ 335 ᠵᠦᠢᠯ ᠳᠤ ᠬᠦᠷᠴᠡᠢ᠃      2025 ᠣᠨ ᠳᠤ᠂ ᠭᠦᠭᠡᠬᠤᠲᠠ ᠪᠤᠭᠤᠲᠤ ᠬᠤᠶᠠᠷ ᠬᠤᠲᠠ ᠶᠢᠨ ᠬᠢᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠰᠢᠭᠤ ᠰᠢᠶᠠᠨ ᠲᠣᠭᠤᠷᠢᠭ ᠵᠢᠴᠢ ᠲᠡᠭᠦᠨ ᠠᠴᠠ ᠳᠣᠷᠣᠭᠰᠢᠬᠢ ᠱᠠᠲᠤ ᠲᠠᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠦᠷᠢᠶᠡᠨ ᠳᠠᠬᠢ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ ᠢᠳᠡᠪᠬᠢᠲᠡᠢ ᠠᠬᠢᠭᠤᠯᠬᠤ ᠪᠣᠯᠣᠨ᠎ᠠ᠃ ᠪᠠᠷᠢᠮᠵᠢᠶ᠎ᠠ ᠶᠢ ᠨᠢᠭᠡᠳᠦᠯᠲᠡᠢ ᠬᠡᠷᠡᠭᠵᠢᠭᠦᠯᠬᠦ᠂ ᠪᠣᠳᠠᠲᠤ ᠴᠣᠭᠴᠠ ᠶᠢᠨ ᠦᠢᠯᠡᠴᠢᠯᠡᠭᠡᠨ ᠤ ᠴᠣᠩᠬᠤᠪᠴᠢ ᠲᠣᠬᠢᠷᠠᠭᠤᠯᠬᠤ᠂ ᠵᠣᠬᠢᠴᠠᠭᠤᠯᠤᠨ ᠬᠠᠷᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠦᠭᠡᠬᠤᠲᠠ ᠪᠤᠭᠤᠲᠤ ᠶᠢᠨ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠰᠢᠨ᠎ᠡ ᠦᠰᠦᠷᠦᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ