ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠳᠡᠯᠭᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠪᠠᠭᠰᠢ ᠰᠤᠷᠤᠬᠴᠢᠳ ᠤᠨ ᠰᠣᠶᠣᠯ ᠤᠨ ᠬᠡᠪ | ᠪᠣᠯᠪᠠᠰᠤᠷᠠᠯ ᠪᠠ ᠤᠩᠰᠢᠯᠭ᠎ᠠ ᠶᠢᠨ ᠤᠷᠮᠠᠰ ᠢ ᠬᠥᠭᠵᠢᠭᠡᠨ᠂ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠪᠤᠶ | ᠪᠤᠯᠭᠠᠬᠤ ᠶᠢᠨ ᠲᠥᠯᠥᠭᠡ᠂ ᠭᠦᠭᠡᠬᠤᠳᠠ ᠦᠨᠳᠦᠰᠦᠲᠡᠨ ᠤ ᠳᠡᠭᠡᠳᠦ ᠰᠤᠷᠭᠠᠭᠤᠯᠢ 2025 ᠣᠨ ᠤ ︽ᠨᠣᠮ ᠤᠩᠰᠢᠬᠤ ᠰᠠᠷ᠎ᠠ︾ ᠶᠢᠨ ᠰᠢᠷᠢᠰ ᠠᠵᠢᠯᠯᠠᠭ᠎ᠠ ᠶᠢ | ᠡᠬᠢᠯᠡᠭᠦᠯᠪᠡ᠃ | ᠨᠣᠮ ᠤᠩᠰᠢᠬᠤ ᠠᠵᠢᠯᠯᠠᠭ᠎ᠠ ᠶᠢᠨ ᠡᠭᠢᠯᠡᠯᠳᠡ ᠶᠢᠨ ᠶᠣᠰᠣᠯᠠᠯ ᠳᠡᠭᠡᠷ᠎ᠡ᠂ ᠵᠠᠯᠠᠭᠤ ᠨᠠᠰᠤᠨ ᠤ ︽ᠤᠢ ᠪᠢᠯᠢᠭ ᠤᠨ ᠦᠷᠳᠡᠭᠡ︾ ᠭᠡᠬᠦ ᠠᠵᠢᠯᠯᠠᠭ᠎ᠠ | ᠲᠣᠬᠢᠷᠠᠭᠤᠯᠵᠤ᠂ ᠪᠦᠭᠦ ᠰᠤᠷᠭᠠᠭᠤᠯᠢ ᠶᠢᠨ 1000 ᠰᠢᠬᠠᠮ ᠪᠠᠭᠰᠢ ᠰᠤᠷᠤᠬᠴᠢᠳ ᠠᠵᠢᠯᠯᠠᠭ᠎ᠠ ᠳᠤ ᠢᠳᠡᠪᠬᠢᠲᠡᠢ ᠤᠷᠤᠯᠴᠠᠬᠰᠠᠨ ᠪᠠᠶᠢᠨ᠎ᠠ᠃ ᠠᠵᠢᠯᠯᠠᠭ᠎ᠠ ᠳᠤ | ᠤᠯᠠᠮᠵᠢᠯᠠᠯᠲᠤ ᠰᠣᠶᠣᠯ ᠤᠨ ᠪᠡᠶᠡᠴᠢᠯᠡᠨ ᠣᠶᠢᠯᠠᠭᠠᠬᠤ ᠦᠷᠳᠡᠭᠡ᠂ ᠡᠯᠧᠺᠲᠷᠣᠨ ᠡᠬᠢ ᠪᠠᠶᠠᠯᠢᠭ ᠤᠨ ᠴᠡᠨᠡᠭᠯᠡᠬᠦ ᠦᠷᠳᠡᠭᠡ᠂ ᠨᠣᠮ ᠪᠢᠴᠢᠭ ᠤᠨ ᠤᠩᠰᠢᠯᠭ᠎ᠠ ᠶᠢᠨ | ᠬᠤᠪᠢᠶᠠᠯᠴᠠᠬᠤ ᠦᠷᠳᠡᠭᠡ᠂ ᠨᠣᠮ ᠤᠨ ᠰᠠᠩ ᠲᠠᠨ ᠢ ᠬᠦᠯᠢᠶᠡᠵᠦ ᠪᠤᠢ ᠵᠡᠷᠭᠡ ᠲᠦᠷᠪᠡᠨ ᠲᠤᠰᠬᠠᠢ ᠲᠣᠭᠤᠷᠢᠭ ᠲᠣᠬᠢᠷᠠᠭᠤᠯᠵᠤ᠂ ᠡᠯᠧᠺᠲᠷᠣᠨ ᠡᠬᠢ ᠪᠠᠶᠠᠯᠢᠭ ᠤᠨ | ᠲᠠᠨᠢᠯᠴᠠᠭᠤᠯᠭ᠎ᠠ᠂ ᠰᠢᠯᠦᠭ ᠳᠠᠭᠤᠯᠠᠯ ᠤᠨ ᠥᠷᠢᠰᠦᠯᠳᠦᠭᠡᠨ᠂ ᠨᠣᠮ ᠤᠨ ᠦᠵᠡᠰᠭᠦᠯᠡᠩ᠂ ᠨᠣᠮ ᠪᠢᠴᠢᠭ ᠤᠨ ᠲᠠᠨᠢᠯᠴᠠᠭᠤᠯᠭ᠎ᠠ ᠵᠢᠴᠢ ᠨᠣᠮ ᠤᠨ ᠰᠠᠩ ᠤᠨ ᠰᠠᠨᠠᠯ | ᠴᠤᠭᠯᠠᠭᠤᠯᠬᠤ ᠵᠡᠷᠭᠡ ᠬᠠᠷᠢᠯᠴᠠᠨ ᠬᠥᠳᠡᠯᠦᠯᠴᠡᠬᠦ ᠭᠤᠭᠴᠤᠭ᠎ᠠ ᠭᠠᠷᠭᠠᠵᠤ᠂ ᠪᠠᠭᠰᠢ ᠰᠤᠷᠤᠬᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃ ᠠᠵᠢᠯᠯᠠᠭ᠎ᠠ ᠶᠢᠨ | ᠬᠤᠭᠤᠴᠠᠭᠠᠨ ᠳᠤ ᠪᠠᠰᠠ ᠠᠺᠠᠳᠧᠮᠢᠴᠢ ᠶᠢᠨ ᠲᠠᠶᠢᠯᠤᠮᠵᠢ ᠶᠢᠨ ᠦᠵᠡᠭᠦᠯᠭᠡ᠂ ︽ᠤᠮᠠᠷᠠᠲᠤ ᠬᠢᠯᠢ ᠶᠢᠨ ᠤᠩᠰᠢᠯᠭ᠎ᠠ︾ ᠭᠤᠣᠯ ᠰᠡᠳᠦᠪᠲᠦ ᠨᠣᠮ ᠤᠨ ᠦᠵᠡᠭᠦᠯᠭᠡ | ᠲᠣᠬᠢᠷᠠᠭᠤᠯᠪᠠ᠃ | 8 ᠡᠯᠧᠺᠲᠷᠣᠨ ᠡᠬᠢ ᠪᠠᠶᠠᠯᠢᠭ ᠤᠨ ᠲᠠᠪᠴᠠᠩ ᠨᠢ ᠪᠠᠭᠰᠢ ᠰᠤᠷᠤᠬᠴᠢᠳ ᠲᠤ ᠰᠤᠷᠤᠯᠴᠠᠬᠤ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ | ᠰᠡᠳᠬᠢᠮᠵᠢ ᠶᠢ ᠠᠪᠴᠢᠷᠠᠵᠤ᠂ ᠪᠠᠶᠠᠯᠢᠭ ᠰᠠᠶᠢᠬᠠᠨ ᠠᠵᠢᠯᠯᠠᠭ᠎ᠠ ᠨᠢ ᠪᠠᠭᠰᠢ ᠰᠤᠷᠤᠬᠴᠢᠳ ᠤᠨ ᠰᠣᠶᠣᠯ ᠤᠨ ᠢᠲᠡᠭᠡᠯ ᠪᠠ ᠦᠨᠳᠦᠰᠦᠲᠡᠨ ᠤ ᠣᠮᠣᠭᠰᠢᠯᠲᠤ | ᠰᠡᠳᠬᠢᠯᠭᠡ ᠶᠢ ᠬᠥᠭᠵᠢᠭᠡᠵᠦ᠂ ᠭᠦᠨ ᠵᠤᠵᠠᠭᠠᠨ ᠤᠩᠰᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠪᠠ᠃ | |