ᠭᠦᠭᠡᠬᠤᠲᠠ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯ ᠤᠨ ᠵᠢᠷᠤᠮᠵᠢᠬᠰᠠᠨ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/4/29
      ᠣᠶᠢᠷ᠎ᠠ ᠳᠤ᠂ ᠭᠦᠭᠡᠬᠤᠲᠠ ᠶᠢᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠰᠠᠭᠤᠷᠢ ᠮᠥᠩᠭᠦᠨ ᠤ ᠨᠡᠶᠢᠭᠡᠮᠯᠢᠭ ᠠᠩᠬᠠᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠬᠢᠵᠦ᠂ ᠵᠠᠩ ᠬᠤᠶ᠂ ᠸᠠᠩ ᠭᠦᠸᠧ ᠭᠤᠸᠠᠩ᠂ ᠸᠠᠩ ᠵᠢᠩ ᠸᠧᠨ᠂ ᠴᠢᠶᠣᠤ ᠶᠦᠩ ᠹᠦ᠋᠂ ᠰᠦ᠋ ᠢᠦᠢ ᠯᠦᠩ ᠵᠡᠷᠭᠡ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠢᠳᠡᠪᠬᠢᠲᠡᠨ ᠢ ᠲᠣᠬᠤᠨᠢᠭᠤᠯᠵᠤ᠂ 2024 ᠣᠨ ᠤ ᠭᠦᠭᠡᠬᠤᠲᠠ ᠶᠢᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ 2025 ᠣᠨ ᠤ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠣᠶᠢᠯᠠᠭᠠᠭᠰᠠᠨ ᠢᠶᠠᠷ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠪᠠᠶᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠴᠢᠬᠤᠯᠠ ᠢᠯᠡᠷᠡᠯ ᠪᠣᠯᠣᠨ᠎ᠠ᠃ ᠨᠡᠶᠢᠭᠡᠮ ᠳᠠᠶᠠᠭᠠᠷ ᠲᠤ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠨᠢ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠭᠦᠭᠡᠬᠤᠲᠠ ᠶᠢᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠰᠠᠭᠤᠷᠢ ᠮᠥᠩᠭᠦᠨ ᠤ ᠨᠡᠶᠢᠭᠡᠮᠯᠢᠭ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠥᠰ ᠵᠢᠴᠢ ᠲᠡᠳᠡᠨ ᠤ ᠭᠡᠷ ᠪᠦᠯᠢ ᠶᠢᠨ  ᠬᠢᠨ ᠤ ᠡᠷᠬᠡ ᠠᠰᠢᠭ ᠢ ᠪᠠᠲᠤᠯᠠᠵᠤ᠂ ᠪᠦᠭᠦ ᠬᠤᠲᠠ ᠶᠢᠨ ᠠᠷᠠᠳ ᠲᠦᠮᠡᠨ ᠤ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠢᠳᠡᠪᠬᠢᠵᠢᠯ ᠢ ᠳᠠᠶᠢᠴᠢᠯᠠᠨ ᠵᠣᠷᠢᠭᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠥᠨᠳᠥᠷ ᠦᠨᠡᠯᠡᠯᠲᠡ ᠶᠢ ᠣᠯᠵᠠᠢ᠃      ᠬᠤᠷᠠᠯ ᠠᠴᠠ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠴᠢᠩᠭᠠᠳᠬᠠᠵᠤ᠂ ︽ᠠᠮᠤᠷ ᠠᠮᠤᠭᠤᠯᠠᠩᠲᠤ ᠭᠦᠭᠡᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠲᠥᠪ ᠶᠣᠰᠣ ᠶᠢ ᠲᠡᠳᠬᠦᠵᠦ ᠭᠠᠵᠢᠭᠤ ᠪᠤᠷᠤᠭᠤ ᠶᠢ ᠠᠷᠢᠯᠭᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠰᠢᠳᠤᠷᠭᠤ ᠶᠣᠰᠣ ᠶᠢ ᠡᠷᠭᠢᠮᠯᠡᠭᠦ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠶᠡᠭᠡ ᠪᠠᠷ ᠪᠤᠢ ᠪᠤᠯᠭᠠᠬᠤ ᠬᠡᠷᠡᠭᠲᠡᠢ᠃ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯ ᠤᠨ ᠵᠢᠷᠤᠮᠵᠢᠬᠰᠠᠨ ᠬᠥᠭᠵᠢᠯᠲᠡ ᠶᠢ ᠠᠬᠢᠭᠤᠯᠵᠤ᠂ ᠱᠠᠩᠨᠠᠯ ᠤᠨ ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠰᠠᠭᠤᠷᠢ ᠮᠥᠩᠭᠦᠨ ᠤ ᠨᠡᠶᠢᠭᠡᠮᠯᠢᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠥᠰ ᠢ ᠡᠮᠨᠡᠨ ᠠᠪᠤᠷᠠᠬᠤ᠂ ᠬᠥᠬᠢᠭᠦᠯᠦᠨ ᠱᠠᠩᠨᠠᠬᠤ᠂ ᠤᠬᠠᠭᠤᠯᠤᠨ ᠮᠡᠳᠡᠭᠡᠯᠡᠬᠦ᠂ ᠲᠣᠬᠤᠨᠢᠭᠤᠯᠤᠨ ᠲᠡᠳᠬᠦᠬᠦ᠂ ᠡᠷᠬᠡ ᠠᠰᠢᠭ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ