︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠳᠤ ᠬᠦᠷᠴᠦ᠂ ᠲᠥᠷᠥᠯ ᠵᠦᠢᠯ ᠤᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ ᠵᠡᠷᠭᠡ ᠶᠠᠪᠤᠳᠠᠯ ᠤᠨ ᠲᠤᠬᠠᠶ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠳ᠋ᠠᠶ ᠾᠧᠦ ᠯᠢᠶᠠᠩ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠪᠣᠣ ᠭᠠᠩ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠲᠥᠪ ᠤᠨ ᠠᠵᠤ ᠠᠬᠤᠶᠢᠯᠠᠯ ᠤᠨ ᠳᠠᠪᠠᠭᠤᠯᠢᠭ ᠢᠶᠠᠨ | ᠪᠠᠳᠠᠷᠠᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠪᠣᠬᠢᠷᠳᠤᠯ ᠦᠭᠡᠢ ᠡᠨᠧᠷᠭᠢ ᠶᠢᠨ ᠰᠢᠰᠲ᠋ᠧᠮ ᠢ ᠪᠠᠶᠢᠭᠤᠯᠬᠤ | ᠵᠡᠷᠭᠡ ᠲᠠᠯ᠎ᠠ ᠪᠠᠷ ᠬᠥᠬᠡᠬᠤᠲᠠ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠭᠦᠨ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ | ᠬᠥᠬᠡᠬᠤᠲᠠ ᠳᠠᠬᠢ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ | ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠴᠢᠳᠠᠮᠵᠢ ᠶᠢ ᠥᠷᠭᠡᠳᠬᠡᠨ ᠲᠠᠰ ᠳᠡᠪᠰᠢᠭᠦᠯᠬᠦ ᠶᠢ ᠠᠬᠢᠭᠤᠯᠵᠤ᠂ ᠠᠭᠠᠷ ᠤᠨ ᠠᠶᠠᠯᠠᠯ ᠤᠨ ᠴᠢᠯᠠᠭᠤᠨ | ᠲᠣᠰᠣ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠵᠡᠷᠭᠡ ᠲᠠᠯ᠎ᠠ ᠪᠠᠷ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠵᠦ᠂ ᠲᠣᠭᠠᠴᠢᠯᠠᠭᠰᠠᠨ ᠲᠡᠶᠢᠰᠢ | ᠬᠡᠯᠪᠡᠷᠢ ᠪᠠᠨ ᠬᠤᠪᠢᠷᠠᠭᠤᠯᠤᠨ ᠤᠶᠤᠨᠴᠢᠯᠠᠭᠰᠠᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢ ᠬᠦᠰᠡᠵᠦ ᠪᠠᠶᠢᠨ᠎ᠠ᠃ ᠤᠷᠤᠨ ᠤ ᠲᠥᠪ ᠬᠤᠲᠠ ᠳᠤᠮᠳᠠᠳᠤ ᠤᠯᠤᠰ ᠤᠨ ᠴᠢᠯᠠᠭᠤᠨ | ᠲᠣᠰᠣᠨ ᠤ ᠪᠦᠯᠦᠭᠯᠡᠯ ᠤᠨ ᠬᠥᠬᠡᠬᠤᠲᠠ ᠳᠠᠬᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠴᠢᠨᠠᠷ ᠰᠠᠶᠢᠲᠠᠶ ᠦᠢᠯᠡᠴᠢᠯᠡᠭᠡ ᠬᠠᠩᠭᠠᠨ᠎ᠠ ᠭᠡᠵᠡᠢ᠃ | ᠳ᠋ᠠᠶ ᠾᠧᠦ ᠯᠢᠶᠠᠩ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠤᠷᠲᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠴᠢᠯᠠᠭᠤᠨ | ᠲᠣᠰᠣᠨ ᠤ ᠪᠦᠯᠦᠭᠯᠡᠯ ᠤᠨ ᠬᠥᠬᠡᠬᠤᠲᠠ ᠳᠠᠬᠢ ᠬᠥᠭᠵᠢᠯᠲᠡ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃ ᠲᠡᠷᠡ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ | ᠬᠥᠭᠵᠢᠯᠲᠡ ᠶᠢᠨ ᠬᠠᠨᠳᠤᠰᠢ ᠮᠠᠰᠢ ᠰᠠᠶᠢᠨ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠪᠠᠲᠤ ᠪᠠᠬᠢ ᠪᠠᠶᠢᠨ᠎ᠠ᠂ ᠪᠦᠯᠦᠭᠯᠡᠯ ᠬᠥᠬᠡᠬᠤᠲᠠ ᠳᠠᠬᠢ ᠪᠠᠯᠠ ᠣᠷᠣᠭᠤᠯᠤᠯᠲᠠ ᠪᠠᠨ | ᠤᠯᠠᠮ ᠨᠢᠭᠡ ᠠᠯᠬᠤᠮ ᠨᠡᠮᠡᠭᠳᠡᠭᠦᠯᠵᠦ᠂ ᠶᠡᠷᠦᠩᠬᠡᠶᠢᠯᠡᠭᠰᠡᠨ ᠡᠨᠧᠷᠭᠢ ᠶᠢᠨ ᠥᠷᠲᠡᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠨᠠᠩ ᠣᠯᠠᠨ ᠲᠡᠷᠢᠭᠦᠨ ᠤ ᠮᠡᠷᠭᠡᠵᠢᠯ ᠪᠠ | ᠴᠢᠨᠠᠷ ᠰᠠᠶᠢᠲᠠᠶ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠨ᠎ᠡ ᠭᠡᠪᠡ᠃ | ᠯᠢᠦ ᠵᠢᠢ ᠶᠢᠩ᠂ ᠵᠦ ᠵᠢᠶᠠᠨ ᠭᠦᠸᠧ ᠣᠷᠣᠯᠴᠠᠪᠠ᠃ |