︵ᠰᠤᠷᠪᠤᠯᠵᠢᠯᠠᠭᠴᠢ ᠯᠢᠶᠠᠩ ᠵᠢᠩ ᠱᠥ︶ 4 ᠳ᠋ᠦ᠋ᠭᠡᠷ ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ | ᠳ᠋ᠦᠩ ᠬᠤᠲᠣᠩ ᠠᠷᠠᠳ ᠤᠨ ᠲᠣᠭᠤᠷᠢᠭ᠂ ᠰᠢᠨ᠎ᠡ ᠬᠤᠲᠠ ᠲᠣᠭᠤᠷᠢᠭ ᠪᠠ ᠬᠥᠬᠡᠬᠤᠲᠠ ᠶᠢᠨ ᠤᠶᠤᠨᠲᠤ ᠬᠤᠲᠠ ᠶᠢᠨ ᠵᠢᠯᠣᠭᠤᠳᠬᠤ ᠲᠥᠪ ᠲᠤ ᠬᠦᠷᠴᠦ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ | ᠾᠧ ᠬᠠᠶ ᠳ᠋ᠦᠩ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠥᠬᠡᠬᠤᠲᠠ ᠶᠢᠨ ᠬᠤᠪᠢᠶᠠᠷᠢ ᠲᠣᠪᠴᠢᠶ᠎ᠠ ᠶᠢᠨ ᠤᠰᠤᠲᠤ ᠬᠠᠮᠢᠶᠠᠷᠤᠯᠲᠠ ᠶᠢᠨ ᠥᠷᠲᠡᠭᠡ᠂ ᠭᠤᠷᠪᠠᠨ | ᠪᠠᠶᠢᠰᠢᠩ ᠬᠠᠮᠢᠶᠠᠷᠤᠯᠲᠠ ᠶᠢᠨ ᠥᠷᠲᠡᠭᠡ ᠳᠤ ᠬᠦᠷᠴᠦ᠂ ᠵᠢᠵᠢᠭᠦᠷᠯᠡᠬᠦ᠂ ᠠᠭᠤᠯᠠᠨ ᠳᠤ ᠤᠷᠤᠬᠤ ᠶᠢ ᠳᠠᠩᠰᠠᠯᠠᠬᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠵᠦ ᠪᠠᠶᠢᠭ᠎ᠠ ᠵᠡᠷᠭᠡ | ᠪᠠᠶᠢᠳᠠᠯ ᠢ ᠰᠤᠭᠤᠴᠢᠨ ᠪᠠᠶᠢᠴᠠᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠵᠠᠬᠢᠬᠤ ᠳᠠᠭᠠᠨ᠂ ᠵᠢᠵᠢᠭᠦᠷ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠳᠡᠩᠰᠡᠯᠡᠨ ᠪᠠᠶᠢᠴᠠᠭᠠᠬᠤ᠂ | ᠭᠠᠯ ᠤᠨ ᠴᠤᠭ ᠢ ᠬᠤᠷᠢᠶᠠᠮᠵᠢᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠨ᠂ ᠬᠤᠷᠢᠭ᠎ᠠ | ᠲᠤᠬᠢᠷᠠᠭᠤᠯᠤᠨ ᠴᠢᠩᠭ᠎ᠠ ᠪᠠᠶᠢᠴᠠᠭᠠᠵᠤ᠂ ᠠᠭᠤᠯᠠ ᠶᠢ ᠴᠠᠭᠳᠠᠨ ᠣᠶ ᠰᠢᠭᠤᠶ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ︽ᠨᠢᠭᠡᠳᠦᠭᠡᠷ ᠪᠣᠭᠤᠮᠲᠠ︾ ᠶᠢ ᠪᠠᠲᠤ ᠰᠠᠬᠢᠬᠤ | ᠬᠡᠷᠡᠭᠲᠡᠶ᠃ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ | ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ ᠭᠠᠯ ᠲᠦᠢᠮᠡᠷ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯ ᠤᠨ ᠡᠩᠨᠡᠭᠡ ᠪᠣᠯᠤᠨ ᠲᠤᠨᠤᠭᠯᠠᠯ ᠪᠤᠳᠠᠰ ᠢ ᠤᠷᠢᠳᠴᠢᠯᠠᠨ ᠲᠣᠬᠢᠷᠠᠭᠤᠯᠬᠤ ᠬᠡᠷᠡᠭᠲᠡᠢ᠃ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠩᠰᠢ ᠶᠢᠨ ᠡᠳᠦᠷ ᠵᠡᠷᠭᠡ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ | ᠬᠤᠣᠷ ᠬᠥᠨᠥᠭᠡᠯ ᠢ ᠤᠬᠠᠭᠤᠯᠵᠤ᠂ ᠪᠣᠯᠪᠠᠰᠤᠨ ᠲᠠᠬᠢᠯᠭ᠎ᠠ ᠶᠢᠨ ᠰᠢᠨ᠎ᠡ ᠰᠤᠷᠲᠠᠯ ᠢ ᠰᠠᠨᠠᠭᠠᠴᠢᠯᠠᠨ᠂ ᠪᠦᠬᠦ ᠠᠷᠠᠳ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠤᠬᠠᠮᠰᠠᠷ ᠢ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ ᠭᠡᠵᠡᠢ᠃ | ᠬᠥᠬᠡᠬᠤᠲᠠ ᠶᠢᠨ ᠤᠶᠤᠨᠲᠤ ᠬᠤᠲᠠ ᠶᠢᠨ ᠵᠢᠯᠣᠭᠤᠳᠬᠤ ᠲᠥᠪ ᠲᠤ᠂ ᠾᠧ ᠬᠠᠢ ᠳ᠋ᠦᠩ ᠤᠢ ᠰᠢᠭᠤᠢ ᠨᠤᠲᠤᠭ ᠪᠡᠯᠴᠢᠭᠡᠷ ᠤᠨ ᠤᠶᠤᠨᠴᠢᠯᠠᠭᠰᠠᠨ ᠦᠵᠡᠭᠳᠡᠬᠦᠢ | ᠲᠠᠪᠴᠠᠩ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ | ᠲᠣᠨᠣᠭᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠵᠦ᠂ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠵᠦ᠂ ᠭᠠᠯ ᠤᠨ ᠠᠶᠤᠯ ᠢ ᠥᠨᠳᠥᠷ | ᠪᠦᠲᠦᠮᠵᠢᠲᠡᠢ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠲᠡᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠦ ᠵᠠᠬᠢᠪᠠ᠃ | ᠭᠤᠤ ᠬᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃ | |