ᠬᠥᠬᠡᠬᠤᠲᠠ ᠠᠵᠤ ᠠᠬᠤᠶᠢᠯᠠᠯ ᠤᠨ ᠬᠢᠨ ᠤ ᠰᠡᠳᠬᠢᠯ ᠲᠠᠯᠪᠢᠵᠤ ᠪᠠᠶᠢᠭ᠎ᠠ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠯᠤᠭ᠎ᠠ | ᠬᠤᠯᠪᠣᠭᠳᠠᠭᠰᠠᠨ ᠭᠤᠷᠪᠠᠨ ᠲᠥᠷᠥᠯ ᠤᠨ ᠪᠠᠶᠢᠨ ᠳᠠᠬᠢᠨ ᠲᠡᠮᠳᠡᠭᠯᠡᠵᠦ ᠳᠠᠩᠰᠠᠯᠠᠭᠤᠯᠬᠤ ᠵᠦᠢᠯᠡᠰ ᠢ ᠨᠢ ︽ᠨᠡᠶᠢᠯᠡᠭᠦᠯᠦᠨ ᠭᠦᠢᠴᠡᠳᠭᠡᠬᠦ︾ ᠶᠢ ᠠᠬᠢᠭᠤᠯᠵᠤ | ᠪᠠᠶᠢᠨ᠎ᠠ᠃ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠥᠭᠡᠷᠡᠴᠢᠯᠡᠯᠲᠡ ᠪᠠᠷ ᠬᠥᠲᠥᠯᠦᠮᠵᠢ ᠪᠣᠯᠭᠠᠵᠤ᠂ ᠠᠵᠤ ᠠᠬᠤᠶᠢᠯᠠᠯ ᠡᠷᠭᠢᠯᠡᠬᠦ᠂ | ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠬᠤᠪᠢᠷᠠᠭᠤᠯᠬᠤ ᠪᠠ ᠠᠵᠤ ᠠᠬᠤᠶᠢᠯᠠᠯ ᠤᠨ ᠳᠠᠩᠰᠠᠯᠠᠯᠲᠠ ᠪᠠᠨ ᠴᠤᠴᠠᠯᠬᠤ 3 ᠲᠥᠷᠥᠯ ᠤᠨ ᠲᠡᠮᠳᠡᠭᠯᠡᠵᠦ | ᠳᠠᠩᠰᠠᠯᠠᠭᠤᠯᠬᠤ ᠵᠦᠢᠯᠡᠰ ᠢ ᠨᠢ ︽ᠨᠡᠶᠢᠯᠡᠭᠦᠯᠦᠨ ᠭᠦᠢᠴᠡᠳᠬᠡᠬᠦ︾ ᠶᠢ ᠰᠦᠪᠡᠭᠴᠢᠯᠡᠨ ᠬᠡᠷᠡᠭᠵᠢᠭᠦᠯᠵᠦ ᠪᠣᠢ᠃ ᠡᠵᠡᠩᠨᠡᠯᠲᠡ ᠶᠢᠨ ᠦᠨᠡᠮᠯᠡᠯ ᠭᠤᠶᠤᠴᠢᠯᠠᠨ ᠠᠪᠬᠤ | ᠵᠡᠷᠭᠡ 7 ᠲᠥᠷᠥᠯ ᠤᠨ ᠵᠦᠢᠯᠡᠰ ᠢ ︽ᠠᠵᠤ ᠠᠬᠤᠶᠢᠯᠠᠯ ᠨᠡᠬᠡᠭᠡᠨ ᠡᠷᠭᠢᠯᠡᠬᠦ ᠨᠢᠭᠡ ᠠᠵᠢᠯ ᠶᠠᠪᠤᠳᠠᠯ︾ ᠪᠣᠯᠭᠠᠨ ᠰᠢᠯᠢᠳᠡᠭᠵᠢᠭᠦᠯᠦᠨ᠎ᠡ︔ ᠠᠵᠤ ᠠᠬᠤᠶᠢᠯᠠᠯ ᠤᠨ | ᠰᠣᠩᠭᠤᠭᠰᠠᠨ ᠬᠤᠪᠢᠷᠠᠭᠤᠯᠬᠤ ᠵᠦᠢᠯᠡᠰ ᠤᠨ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠪᠠᠶᠢᠳᠠᠯ ᠢ ᠨᠢ ᠢᠯᠭᠠᠷᠠᠭᠤᠯᠤᠨ ᠳᠢᠭᠯᠡᠵᠦ ᠮᠡᠳᠡᠭᠦᠯᠦᠨ | ᠬᠦᠷᠭᠡᠵᠦ ᠨᠡᠶᠢᠯᠡᠭᠦᠯᠦᠨ ᠭᠦᠢᠴᠡᠳᠬᠡᠨ᠎ᠡ︔ ᠠᠵᠤ ᠠᠬᠤᠶᠢᠯᠠᠯ ᠤᠨ ᠳᠠᠩᠰᠠᠯᠠᠯᠲᠠ ᠪᠠᠨ ᠴᠤᠴᠠᠯᠬᠤ ᠪᠠ ᠭᠠᠶᠢᠯᠢ ᠶᠢᠨ ᠶᠠᠪᠤᠳᠠᠯ᠂ ᠨᠡᠶᠢᠭᠡᠮ ᠤᠨ ᠳᠠᠭᠠᠳᠬᠠᠯ ᠢᠶᠠᠨ | ᠴᠤᠴᠠᠯᠬᠤ ᠵᠡᠷᠭᠡ ᠬᠤᠯᠪᠣᠭᠳᠠᠬᠤ ᠵᠦᠢᠯᠡᠰ ᠢ ᠨᠢ ᠤᠷᠢᠳᠴᠢᠯᠠᠨ ᠬᠠᠷᠭᠤᠭᠤᠯᠵᠤ ᠪᠠᠶᠢᠴᠠᠭᠠᠨ᠂ ᠴᠤᠴᠠᠯᠬᠤ ᠠᠵᠢᠯ ᠶᠠᠪᠤᠳᠠᠯ ᠢ ᠨᠢ ᠨᠢᠭᠡ ᠯᠡ ᠤᠳᠠᠭ᠎ᠠ ᠳᠤ | ᠳᠦᠭᠦᠮᠴᠢᠯᠡᠨ ᠭᠦᠢᠴᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠲᠤᠬᠠᠶᠢᠯᠠᠭᠰᠠᠨ ᠠᠵᠢᠯ ᠤᠨ ᠲᠠᠪᠴᠠᠩ ᠪᠠ ︽ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠢ ᠭᠦᠢᠴᠡᠳᠬᠡᠬᠦ︾ ᠲᠠᠪᠴᠠᠩ ᠳᠤ ᠲᠦᠰᠢᠭᠯᠡᠨ᠂ ᠠᠵᠤ ᠠᠬᠤᠶᠢᠯᠠᠯ ᠳᠤ ᠬᠤᠯᠪᠣᠭᠳᠠᠬᠤ ᠭᠤᠷᠪᠠᠨ ᠲᠥᠷᠥᠯ ᠤᠨ ᠵᠦᠢᠯᠡᠰ ᠤᠨ ︽ᠪᠥᠬᠦ ᠶᠠᠪᠤᠴᠠ ᠶᠢ | ᠰᠦᠯᠵᠢᠶ᠎ᠡ ᠪᠠᠷ ᠭᠦᠢᠴᠡᠳᠬᠡᠬᠦ︾ ᠪᠣᠯᠭᠠᠨ᠎ᠠ᠃ ᠣᠳᠣᠬᠠᠨ ᠪᠣᠯᠲᠠᠯ᠎ᠠ᠂ ᠪᠥᠬᠦ ᠬᠤᠲᠠ ᠳᠤ ︽ᠠᠵᠤ ᠠᠬᠤᠶᠢᠯᠠᠯ ᠨᠡᠬᠡᠭᠡᠨ ᠡᠷᠭᠢᠯᠡᠬᠦ ᠨᠢᠭᠡ ᠠᠵᠢᠯ ᠶᠠᠪᠤᠳᠠᠯ︾ ᠤᠨ | ᠵᠦᠢᠯᠡᠰ ᠢ ᠨᠡᠶᠢᠲᠡ 24477 ᠬᠤᠪᠢ᠂ ︽ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠬᠤᠪᠢᠷᠠᠭᠤᠯᠬᠤ ᠨᠢᠭᠡ ᠠᠵᠢᠯ ᠶᠠᠪᠤᠳᠠᠯ︾ ᠢ 4136 ᠬᠤᠪᠢ᠂ ︽ᠠᠵᠤ | ᠠᠬᠤᠶᠢᠯᠠᠯ ᠤᠨ ᠳᠠᠩᠰᠠᠯᠠᠯᠲᠠ ᠪᠠᠨ ᠴᠤᠴᠠᠯᠬᠤ ᠨᠢᠭᠡ ᠠᠵᠢᠯ ᠶᠠᠪᠤᠳᠠᠯ︾ ᠢ 547 ᠬᠤᠪᠢ ᠰᠢᠢᠳᠪᠦᠷᠢᠯᠡᠪᠡ᠃ ︵ᠬᠥᠬᠡᠬᠤᠲᠠ ᠶᠢᠨ ᠵᠠᠰᠠᠭ ᠤᠨ ᠣᠷᠳᠣᠨ︶ |