ᠭᠦᠭᠡᠬᠤᠲᠠ᠄  ᠭᠤᠷᠪᠠᠳᠤᠭᠠᠷ ᠬᠡᠦᠬᠡᠳ ᠨᠢ ᠰᠤᠷᠭᠠᠭᠤᠯᠢ ᠳᠤ ᠣᠷᠣᠬᠤ ᠳᠤ ᠪᠦᠭᠦ ᠬᠤᠳᠠ ᠶᠢᠨ ᠬᠡᠪᠴᠢᠶᠡᠨ ᠳᠤ ᠴᠢᠯᠦᠭᠡᠲᠡᠢ ᠰᠣᠩᠭᠤᠵᠤ ᠪᠣᠯᠣᠨ᠎ᠠ
ᠨᠡᠶᠢᠲᠡᠯᠡᠭᠰᠡᠨ ᠴᠠᠭ᠄
2025/4/3
      ᠰᠤᠷᠪᠤᠯᠵᠢᠯᠠᠬᠴᠢ ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠭᠦᠭᠡᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠬᠥᠮᠥᠨ ᠠᠮᠠ ᠶᠢ ᠲᠥᠪᠯᠡᠷᠡᠭᠦᠯᠬᠦ ᠪᠠᠷ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠦᠨᠳᠦᠰᠦᠯᠡᠨ ︽ᠬᠡᠷᠡᠭᠵᠢᠭᠦᠯᠬᠦ ᠨᠠᠷᠢᠨ ᠳᠦᠷᠢᠮ︾ ᠢ ᠨᠡᠶᠢᠲᠡᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠬᠤᠶᠠᠳᠤᠭᠠᠷ ᠬᠡᠦᠬᠡᠳ ᠨᠢ ᠰᠤᠷᠭᠠᠭᠤᠯᠢ ᠳᠤ ᠣᠷᠣᠬᠤ ᠳᠤ ︽ᠪᠠᠭ᠎ᠠ ᠨᠢ ᠶᠡᠭᠡ ᠪᠠᠨ ᠳᠠᠭᠠᠵᠤ ᠣᠷᠣᠬᠤ︾᠂ ︽ᠣᠶᠢᠷ᠎ᠠ ᠬᠠᠪᠢ ᠠᠴᠠ ᠰᠢᠯᠢᠳᠡᠭ ᠰᠤᠷᠭᠠᠭᠤᠯᠢ ᠳᠤ ᠣᠷᠣᠬᠤ︾᠂ ᠭᠤᠷᠪᠠᠳᠤᠭᠠᠷ ᠬᠡᠦᠬᠡᠳ ᠵᠢᠴᠢ ᠲᠡᠭᠦᠨ ᠠᠴᠠ ᠳᠡᠭᠡᠭᠰᠢᠬᠢ ᠬᠡᠦᠬᠡᠳ ᠨᠢ  ᠰᠤᠷᠭᠠᠭᠤᠯᠢ ᠳᠤ ᠣᠷᠣᠬᠤ ᠳᠤ ᠪᠦᠭᠦ ᠬᠤᠲᠠ ᠠᠴᠠ ᠴᠢᠯᠦᠭᠡᠲᠡᠢ ᠪᠠᠷ ᠰᠣᠩᠭᠤᠵᠤ ᠪᠣᠯᠣᠨ᠎ᠠ ᠭᠡᠵᠦ ᠲᠣᠳᠣᠷᠬᠠᠢ ᠲᠣᠭᠲᠠᠭᠠᠪᠠ᠃      ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠣᠳᠣᠷᠬᠠᠶᠢᠯᠠᠭᠰᠠᠨ ᠢᠶᠠᠷ᠂ ᠲᠤᠰ ᠰᠠᠨᠠᠯ ᠢ  ᠬᠡᠷᠡᠭᠵᠢᠭᠦᠯᠬᠦ ᠬᠡᠪᠴᠢᠶ᠎ᠡ ᠪᠣᠯ ᠭᠦᠭᠡᠬᠤᠳᠠ  ᠳᠤ ᠲᠥᠷᠥᠭᠰᠡᠨ ᠪᠥᠭᠡᠳ ᠡᠷᠦᠭᠡ ᠠᠮᠠ ᠣᠷᠣᠭᠰᠠᠨ ᠬᠤᠶᠠᠳᠤᠭᠠᠷ ᠬᠡᠦᠬᠡᠳ᠂ ᠭᠤᠷᠪᠠᠳᠤᠭᠠᠷ ᠬᠡᠦᠬᠡᠳ ᠵᠢᠴᠢ ᠲᠡᠭᠦᠨ ᠠᠴᠠ ᠳᠡᠭᠡᠭᠰᠢᠬᠢ ᠬᠡᠦᠬᠡᠳ ᠪᠣᠯᠣᠨ᠎ᠠ᠃ ᠭᠡᠷ ᠤᠨ ᠠᠬᠠᠮᠠᠳ︽ᠭᠦᠭᠡᠬᠤᠲᠠ ᠶᠢᠨ ᠰᠣᠷᠣᠬᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠶᠢᠨ ᠲᠤᠬᠠᠢ ᠶᠢᠨ ᠵᠢᠯ ᠳᠤ ᠨᠡᠶᠢᠲᠡᠯᠡᠭᠰᠡᠨ ᠡᠯ᠎ᠡ ᠭᠠᠵᠠᠷ ᠣᠷᠣᠨ ᠤ  ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠪᠠ ᠪᠠᠭ᠎ᠠ ᠰᠤᠷᠭᠠᠭᠤᠯᠢ ᠠᠴᠠ ᠠᠩᠬ᠎ᠠ ᠳᠤᠮᠳᠠᠳᠤ ᠰᠤᠷᠭᠠᠭᠤᠯᠢ ᠳᠤ ᠳᠡᠪᠰᠢᠬᠤ ᠰᠣᠷᠣᠬᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠥᠯ ᠶᠣᠰᠣᠭᠠᠷ  ᠰᠤᠷᠭᠠᠭᠤᠯᠢ ᠳᠤ ᠣᠷᠣᠬᠤ ᠠᠷᠭ᠎ᠠ ᠪᠠ ᠨᠡᠷ᠎ᠡ ᠮᠡᠳᠡᠭᠦᠯᠬᠦ ᠶᠠᠪᠤᠴᠠ ᠶᠢ ᠣᠶᠢᠯᠠᠭᠠᠵᠤ᠂ ᠲᠣᠭᠲᠠᠭᠰᠠᠨ ᠴᠠᠭ ᠲᠤ ᠬᠡᠷᠡᠭᠰᠡᠬᠦ ᠭᠡᠷᠡᠴᠢ ᠮᠠᠲ᠋ᠧᠷᠢᠶᠠᠯ ᠢᠶᠠᠨ ᠲᠤᠰᠢᠶᠠᠨ᠎ᠠ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠤᠷᠭᠠᠭᠤᠯᠢ ᠲᠣᠬᠢᠷᠠᠭᠤᠯᠵᠤ ᠥᠭᠭᠦᠨ᠎ᠡ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ