︵ᠰᠤᠷᠪᠤᠯᠵᠢᠯᠠᠭᠴᠢ ᠯᠢᠶᠠᠩ ᠵᠢᠩ ᠱᠥ︶ 4 ᠳ᠋ᠦ᠋ᠭᠡᠷ ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ | ᠵᠥᠪᠯᠡᠯ ᠤᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠵᠤ᠂ ᠪᠥᠬᠦ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ | ᠪᠠᠶᠢᠳᠠᠯ ᠢ ᠪᠥᠬᠦ ᠲᠠᠯ᠎ᠠ ᠪᠠᠷ ᠡᠮᠬᠢᠯᠡᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠦᠨ ᠬᠤᠤ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠭᠰᠠᠨ ᠨᠢ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠳᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ | ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠪᠣᠯᠤᠨ᠎ᠠ᠂ ᠬᠠᠤᠯᠢᠵᠢᠯ ᠤᠨ ᠤᠯᠤᠰ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠳᠤ ᠵᠢᠱᠢᠶ᠎ᠡ | ᠦᠵᠡᠭᠦᠯᠵᠦ ᠳᠠᠶᠢᠴᠢᠯᠠᠬᠤ ᠦᠢᠯᠡᠳᠦᠯ ᠲᠠᠢ ᠶᠤᠮ᠃ ᠠᠵᠢᠯ ᠤᠨ ᠳᠤᠮᠳᠠ ᠪᠠᠨ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ | ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠪᠥᠬᠦ ᠣᠷᠣᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ︽ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ︾ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠠᠤᠯᠢ ᠲᠣᠭᠲᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠬᠦ ᠬᠤᠳᠠ ᠶᠢᠨ ᠭᠤᠣᠯ ᠠᠵᠢᠯ ᠪᠣᠯᠤᠨ ᠤᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ | ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠴᠢᠩᠭᠠᠳᠬᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠤᠭᠲᠠᠭᠠᠬᠤ ᠲᠡᠰ ᠳᠠᠷᠠᠭᠠᠯᠠᠯ ᠢ ᠴᠢᠩᠭ᠎ᠠ | ᠭᠦᠢᠴᠡᠳᠬᠡᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠲᠥᠪ ᠭᠤᠣᠯᠴᠢ ᠪᠠᠷ ᠬᠠᠤᠯᠢ | ᠬᠡᠷᠡᠭᠵᠢᠭᠦᠯᠬᠦ ᠶᠢ ᠴᠢᠩᠳᠠᠯᠠᠵᠤ᠂ ᠴᠢᠩᠭ᠎ᠠ ᠬᠠᠮᠢᠶᠠᠷᠤᠯᠲᠠ ᠠᠴᠠ ᠪᠠᠭᠲᠠᠭᠠᠮᠵᠢᠲᠤ ᠪᠣᠯᠭᠤᠮᠵᠢᠲᠠᠢ ᠪᠣᠯᠭᠠᠬᠤ ᠵᠡᠷᠭᠡ ᠲᠠᠯ᠎ᠠ ᠠᠴᠠ ᠭᠤᠣᠯᠳᠠᠯᠭ᠎ᠠ ᠲᠠᠢ ᠬᠤᠪᠢᠷᠠᠭᠤᠯᠬᠤ ᠬᠡᠷᠡᠭᠲᠡᠢ᠃ | ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢ ᠪᠠᠲᠤᠳᠬᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ︽ᠬᠡᠨ ᠬᠠᠤᠯᠢ ᠬᠡᠷᠡᠭᠵᠢᠭᠦᠯᠪᠡᠯ ᠬᠡᠨ | ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠸᠠᠩ ᠢᠦᠶ ᠲᠢᠶᠠᠨ᠂ ᠵᠠᠩ ᠵᠥᠩ ᠳ᠋ᠦᠩ ᠵᠢᠴᠢ ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ | ᠵᠥᠪᠯᠡᠯ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠢ᠂ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ᠂ ᠡᠯ᠎ᠡ ᠬᠠᠤᠯᠢ ᠪᠠᠷ ᠬᠤᠰᠢᠭᠤ ︵ᠰᠢᠶᠠᠨ᠂ ᠲᠤᠭᠤᠷᠢᠭ︶ ᠪᠠᠨ ᠵᠠᠰᠠᠬᠤ ᠵᠥᠪᠯᠡᠯ ᠤᠨ ᠳᠡᠳ᠋ ᠡᠷᠬᠢᠯᠡᠭᠴᠢ᠂ ᠠᠯᠪᠠᠨ ᠬᠡᠷ ᠤᠨ ᠡᠷᠬᠢᠯᠡᠭᠴᠢ ᠬᠤᠷᠠᠯ ᠳᠤ | ᠣᠷᠣᠯᠴᠠᠪᠠ᠃ | |