︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠥᠪᠥᠷ ᠮᠣᠩᠭᠤᠯ ᠤᠨ ᠲᠣᠮᠣ ᠳ᠋ᠡᠶᠢᠲ᠋ᠠ ᠶᠢᠨ ᠠᠵᠤ ᠦᠢᠯᠡᠰ ᠤᠨ ᠬᠥᠭᠵᠢᠭᠦᠯᠦᠯᠲᠡ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠤᠶᠢᠯᠠᠭᠠᠭᠰᠠᠨ ᠨᠢ᠂ ᠤᠶᠢᠷ᠎ᠠ ᠶᠢᠨ ᠡᠳᠦᠷ᠂ ᠲᠤᠰ ᠺᠣᠮᠫᠠᠨᠢ DeepSeek ᠬᠢᠮᠡᠯ ᠣᠶᠤᠨ ᠮᠡᠷᠭᠡᠵᠢᠯ ᠢ | ᠬᠥᠬᠡᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠳᠤ | ᠠᠮᠵᠢᠯᠲᠠᠲᠠᠢ ᠵᠠᠯᠭᠠᠵᠤ᠂ 12345 ᠬᠠᠯᠠᠮᠰᠢᠯ ᠤᠲᠠᠰᠤᠨ ᠤ ᠣᠶᠤᠨᠴᠢᠯᠠᠭᠰᠠᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠡᠢ᠃ | ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠪᠦᠯᠦᠭᠯᠡᠯ ᠨᠢ ᠬᠥᠬᠡ ᠬᠤᠲᠠ ᠶᠢᠨ ᠬᠡᠷᠡᠯ ᠣᠶᠤᠨᠴᠢ ᠪᠣᠳᠣᠯᠭ᠎ᠠ ᠶᠢᠨ ᠡᠬᠢ ᠪᠠᠶᠠᠯᠢᠭ ᠲᠤ ᠳᠦᠰᠢᠭᠯᠡᠨ᠂ | ᠬᠥᠬᠡᠬᠤᠲᠠ ᠶᠢᠨ 12345 ᠬᠠᠯᠠᠮᠰᠢᠯ ᠤᠲᠠᠰᠤᠨ ᠤ ᠰᠦᠯᠵᠢᠶ᠎ᠡ ᠵᠢᠴᠢ ᠰᠢᠰᠲ᠋ᠧᠮ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ | ᠪᠠᠶᠢᠭᠤᠯᠤᠭᠰᠠᠨ ᠠᠵᠢᠯ ᠤᠨ ᠡᠭᠦᠷᠭᠡ ᠶᠢᠨ ᠣᠶᠤᠨᠴᠢ ᠰᠢᠢᠳᠪᠦᠷᠢᠯᠡᠬᠦ ᠰᠢᠰᠲ᠋ᠧᠮ ᠨᠢ ᠬᠦᠰᠡᠯ ᠱᠠᠭᠠᠷᠳᠠᠯᠭ᠎ᠠ᠂ ᠣᠶᠤᠨᠴᠢ ᠳ᠋ᠦᠩᠨᠡᠯᠲᠡ᠂ ᠣᠶᠤᠨᠴᠢ ᠠᠵᠢᠯ | ᠲᠥᠷᠥᠯ ᠢᠶᠠᠷ ᠬᠤᠪᠢᠶᠠᠷᠢᠯᠠᠬᠤ ᠠᠴᠠ ᠳᠠᠬᠢᠨ ᠠᠵᠢᠯ ᠤᠨ ᠡᠭᠦᠷᠭᠡ ᠶᠢ ᠨᠠᠷᠢᠯᠢᠭ ᠣᠨᠣᠴᠠᠲᠠᠶ ᠪᠠᠷ ᠪᠠᠭᠤᠯᠭᠠᠬᠤ ᠪᠥᠬᠦ ᠶᠠᠪᠤᠴᠠ ᠶᠢᠨ ᠤᠶᠤᠨᠴᠢᠯᠠᠯᠲᠠ ᠶᠢ | ᠠᠮᠵᠢᠯᠲᠠ ᠲᠠᠢ ᠪᠡᠶᠡᠯᠡᠭᠦᠯᠪᠡ᠃ ᠳᠡᠰ ᠳᠡᠪᠰᠢᠭᠰᠡᠨ ᠤ ᠳᠠᠷᠠᠭᠠᠬᠢ ᠤᠶᠤᠨᠴᠢ ᠮᠡᠳᠡᠯᠭᠡ ᠶᠢᠨ ᠬᠦᠮᠦᠷᠭᠡ ᠪᠠ ᠤᠶᠤᠨᠲᠤ ᠰᠠᠭᠤᠳᠠᠯ ᠤᠨ ᠰᠢᠰᠲ᠋ᠧᠮᠵᠢ ᠨᠢ | ᠬᠤᠶᠢᠰᠢᠷᠠᠯ ᠢ ᠪᠦᠲᠦᠮᠵᠢᠲᠡᠶ ᠪᠠᠭᠤᠷᠠᠭᠤᠯᠵᠤ᠂ ᠲᠤᠭ᠎ᠠ ᠪᠠᠷᠢᠮᠲᠠ ᠶᠢᠨ ᠳᠠᠮᠵᠢᠭᠤᠯᠬᠤ ᠬᠤᠷᠳᠤᠴᠠ ᠶᠢ ᠳᠡᠭᠡᠭᠰᠢᠯᠡᠭᠦᠯᠦᠨ᠂ ᠬᠢᠮᠡᠯ ᠤᠶᠤᠨ ᠤ ᠵᠦᠢᠴᠢᠯᠠᠯ ᠤᠨ | ᠮᠡᠷᠭᠡᠵᠢᠯ ᠤᠨ ᠭᠦᠨᠵᠡᠭᠡᠶ ᠬᠡᠷᠡᠭᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠪᠣᠯᠤᠨ᠎ᠠ᠃ | ᠬᠥᠬᠡᠬᠤᠲᠠ ᠶᠢᠨ 12345 ᠬᠠᠯᠠᠮᠰᠢᠯ ᠤᠳᠠᠰᠤᠨ ᠤ ᠬᠢᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ 9 ᠬᠤᠰᠢᠭᠤ ᠰᠢᠶᠠᠨ ᠲᠣᠭᠤᠷᠢᠭ ᠵᠡᠷᠭᠡ 12 ᠭᠤᠤᠯᠳᠠᠯᠭ᠎ᠠ ᠲᠠᠢ ᠰᠠᠯᠠᠭ᠎ᠠ ᠮᠥᠴᠢᠷ ᠵᠢᠴᠢ ᠭᠠᠵᠠᠷ ᠣᠷᠣᠨ ᠳᠤ | ︽3 ᠮᠢᠨᠦ᠋ᠲ ᠲᠤ ᠣᠶᠤᠨᠴᠢ ᠬᠥᠮᠥᠷᠭᠡ ᠳᠤ ᠣᠷᠣᠭᠤᠯᠬᠤ︾ ᠲᠣᠭᠲᠠᠴᠠ ᠶᠢ ᠲᠤᠷᠰᠢᠨ ᠬᠡᠷᠡᠭᠵᠢᠭᠦᠯᠦᠨ᠎ᠡ᠃ ᠠᠵᠢᠯᠲᠠᠳ ᠵᠥᠪᠬᠡᠨ ᠪᠢᠴᠢᠭ ᠮᠠᠲ᠋ᠧᠷᠢᠶᠠᠯ ᠢ | ᠳᠡᠭᠡᠭᠰᠢ ᠳᠠᠮᠵᠢᠭᠤᠯᠵᠤ᠂ 3 ᠮᠢᠨᠦ᠋ᠲ ᠤᠨ ᠳᠣᠲᠣᠷ᠎ᠠ ᠲᠥᠷᠥ ᠶᠢᠨ ᠪᠣᠳᠣᠯᠭ᠎ᠠ ᠶᠢ ᠵᠠᠳᠠᠯᠵᠤ ᠬᠢᠨᠠᠨ ᠬᠠᠷᠭᠤᠭᠤᠯᠵᠤ ᠬᠥᠮᠥᠷᠭᠡ ᠳᠤ ᠣᠷᠣᠭᠤᠯᠬᠤ ᠶᠢ | ᠪᠡᠶᠡᠯᠡᠭᠦᠯᠵᠦ᠂ ᠥᠨᠳᠥᠷ ᠳᠠᠪᠲᠠᠮᠵᠢᠲᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠣᠨᠣᠪᠴᠢ ᠶᠢᠨ ᠬᠡᠮᠵᠢᠶ᠎ᠡ 90 % ᠶᠢ ᠳᠠᠪᠠᠵᠠᠶ᠃ |