ᠭᠦᠭᠡᠬᠤᠲᠠ ᠬᠤᠣᠷᠲᠤ ᠡᠳ᠋ ᠢ ᠴᠠᠭᠠᠵᠠᠯᠠᠬᠤ ᠭᠤᠣᠯ ᠰᠡᠳᠦᠪᠲᠦ ᠨᠡᠶᠢᠲᠡ ᠶᠢᠨ ᠮᠠᠰᠢᠨ ᠲᠡᠷᠭᠡᠨ ᠤ ᠲᠤᠰᠬᠠᠢ ᠱᠤᠭᠤᠮ ᠭᠠᠷᠭᠠᠵᠠᠢ
ᠨᠡᠶᠢᠲᠡᠯᠡᠭᠰᠡᠨ ᠴᠠᠭ᠄
2025/4/7
      ᠪᠦᠭᠦ ᠤᠯᠤᠰ ᠤᠨ ᠬᠤᠣᠷᠲᠤ ᠡᠳ᠋ ᠢ ᠴᠠᠭᠠᠵᠠᠯᠠᠬᠤ ᠵᠢᠱᠢᠶ᠎ᠡ ᠦᠵᠡᠭᠦᠯᠭᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠬᠤ ᠶᠢᠨ ᠲᠥᠯᠥᠭᠡ ᠣᠶᠢᠷ᠎ᠠ  ᠳᠤ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷᠲᠤ ᠡᠳ᠋ ᠢ ᠴᠠᠭᠠᠵᠠᠯᠠᠬᠤ ᠰᠠᠯᠪᠤᠷᠢ ᠠᠩᠭᠢ ︽ᠬᠤᠲᠠ ᠶᠢᠨ ᠯᠤᠭᠰᠢᠭᠤᠨ ᠰᠤᠳᠠᠯ + ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ︾ ᠶᠢᠨ  ᠰᠢᠨ᠎ᠡ ᠵᠠᠭᠪᠤᠷ ᠤᠨ ᠰᠢᠨ᠎ᠡ ᠶᠢ ᠡᠭᠦᠳᠴᠦ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠤᠮᠫᠠᠨᠢ᠂ ᠨᠡᠶᠢᠲᠡ ᠶᠢᠨ ᠵᠠᠮ ᠬᠠᠷᠢᠯᠴᠠᠭᠠᠨ ᠤ ᠵᠢᠮᠳᠤ ᠵᠠᠮ ᠤᠨ ᠬᠤᠪᠢᠶᠠᠷᠢ ᠲᠣᠪᠴᠢᠶ᠎ᠠ ᠵᠡᠷᠭᠡ ᠪᠠᠶᠢᠭᠤᠯᠭ᠎ᠠ ᠨᠢᠭᠡᠴᠢ ᠲᠠᠢ ᠬᠠᠮᠲᠤᠷᠠᠨ᠂ ᠬᠤᠣᠷᠲᠤ ᠡᠳ᠋ ᠢ ᠴᠠᠭᠠᠵᠠᠯᠠᠬᠤ ᠭᠤᠣᠯ ᠰᠡᠳᠦᠪᠲᠦ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠢ ᠱᠤᠭᠤᠮ ᠢ ᠪᠠᠶᠢᠭᠤᠯᠪᠠ᠃      ᠭᠦᠭᠡᠬᠤᠳᠠ ᠶᠢᠨ ᠨᠡᠶᠢᠳᠡ ᠶᠢᠨ ᠮᠠᠰᠢᠨ ᠲᠡᠷᠭᠡᠨ ᠤ 18 ᠳ᠋ᠤᠭᠠᠷ ᠵᠠᠮ᠂ 73 ᠳ᠋ᠤᠭᠠᠷ ᠵᠠᠮ ᠢᠶᠠᠷ ᠭᠤᠣᠯᠳᠠᠯᠭ᠎ᠠ ᠪᠤᠯᠭᠠᠬᠰᠠᠨ ᠲᠦᠷᠦᠭᠦᠦ ᠪᠦᠯᠦᠭ ᠤᠨ ᠬᠤᠣᠷᠲᠤ ᠡᠳ᠋ ᠢ ᠴᠠᠭᠠᠵᠠᠯᠠᠬᠤ ᠭᠤᠣᠯ ᠰᠡᠳᠦᠪᠲᠦ ᠨᠡᠶᠢᠲᠡ ᠶᠢᠨ ᠮᠠᠰᠢᠨ ᠲᠡᠷᠭᠡ ᠶᠢᠨ ᠱᠤᠭᠤᠮ ᠵᠢᠩᠬᠢᠨᠢ ᠪᠠᠷ ᠨᠡᠪᠳᠡᠷᠡᠵᠦ᠂ ᠡᠳᠦᠷ ᠳᠤᠮᠳᠠᠴᠢ ᠪᠠᠷ 2.8 ᠲᠦᠮᠡᠨ ᠬᠥᠮᠥᠨ ᠤᠳᠠᠭ᠎ᠠ ᠶᠢᠨ ᠠᠶᠠᠨᠴᠢᠳ ᠲᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠢᠵᠦ᠂ ᠵᠡᠭᠡᠯᠢ ᠭᠤᠳᠤᠮᠵᠢ ᠪᠠᠷ ᠰᠦᠯᠵᠢᠯᠳᠦᠭᠰᠡᠨ ᠨᠡᠭᠦᠳᠡᠯ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠪᠠ᠃ ᠲᠣᠰ ᠤᠳᠠᠭ᠎ᠠ ᠶᠢᠨ ᠡᠭᠦᠳᠦᠭᠰᠡᠨ ᠬᠤᠣᠷᠲᠤ ᠡᠳ᠋ ᠢ ᠴᠠᠭᠠᠵᠠᠯᠠᠬᠤ ᠭᠤᠣᠯ ᠰᠡᠳᠦᠪᠲᠦ ᠲᠤᠰᠬᠠᠢ ᠨᠡᠶᠢᠳᠡ ᠶᠢᠨ ᠮᠠᠰᠢᠨ ᠲᠡᠷᠭᠡ ᠪᠣᠰᠤᠭ᠎ᠠ ᠴᠣᠭᠴᠠᠲᠤ ᠤᠬᠠᠭᠤᠯᠭ᠎ᠠ ᠶᠢᠨ ᠣᠷᠣᠨ ᠵᠠᠢ ᠶᠢ ᠪᠠᠶᠢᠭᠤᠯᠪᠠ᠃ ᠨᠡᠶᠢᠳᠡ ᠶᠢᠨ ᠮᠠᠰᠢᠨ ᠲᠡᠷᠭᠡᠨ ᠤ ᠭᠠᠳᠠᠨ᠎ᠠ ︽ᠪᠦᠭᠦ ᠠᠷᠠᠳ ᠢᠶᠠᠷ ᠢᠶᠠᠨ ᠬᠥᠳᠡᠯᠦᠯᠴᠡᠵᠦ᠂ ᠬᠤᠣᠷᠲᠤ ᠡᠳ᠋ ᠢ ᠴᠠᠭᠠᠵᠠᠯᠠᠵᠤ᠂ ᠬᠤᠣᠷᠲᠤ ᠡᠳ᠋ ᠢ ᠰᠡᠷᠭᠡᠶᠢᠯᠡᠬᠦ︾᠂ ︽ᠡᠷᠡᠭᠦᠯ ᠴᠢᠭᠢᠷᠠᠭ ᠬᠥᠮᠥᠨ ᠤ ᠠᠮᠢᠳᠤᠷᠠᠯ᠂ ᠪᠣᠬᠢᠷᠳᠤᠯ ᠦᠭᠡᠢ ᠬᠤᠣᠷ ᠦᠭᠡᠢ︾ ᠵᠡᠷᠭᠡ ᠢᠯᠡ ᠲᠣᠳᠣ ᠦᠰᠦᠭ ᠪᠢᠴᠢᠭ ᠪᠠ ᠵᠢᠷᠤᠭ ᠳᠦᠷᠰᠦ ᠪᠠᠷ ᠨᠡᠭᠦᠳᠡᠯ ᠤᠬᠠᠭᠤᠯᠭ᠎ᠠ ᠶᠢᠨ ᠪᠠᠶᠢᠳᠠᠯ ᠢ ᠪᠦᠷᠢᠯᠳᠦᠭᠦᠯᠪᠡ᠃ ᠨᠡᠶᠢᠳᠡ  ᠶᠢᠨ ᠮᠠᠰᠢᠨ ᠲᠡᠷᠭᠡᠨ ᠤ ᠲᠠᠰᠤᠯᠭ᠎ᠠ ᠶᠢᠨ ᠳᠣᠲᠣᠷ᠎ᠠ ︽ᠨᠡᠪᠴᠢᠮᠡᠯ ᠮᠠᠶ᠋ᠢᠭ ᠤᠨ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢᠨ ᠣᠷᠳᠣ ᠬᠤᠩᠭᠢᠯ︾ ᠲᠣᠬᠢᠷᠠᠭᠤᠯᠵᠤ᠂ ᠳ᠋ᠧᠩ ᠤᠨ ᠬᠠᠶᠢᠷᠴᠠᠭ ᠤᠨ ᠬᠥᠳᠡᠯᠦᠩᠭᠦᠢ ᠵᠠᠷᠯᠠᠯ᠂ ᠰᠠᠨᠳᠠᠯᠢ ᠳᠡᠭᠡᠷᠡᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠭᠡᠯᠪᠡᠷᠢ ᠪᠠᠷ ᠲᠠᠮᠵᠢᠨ ᠤᠯᠠᠨ ᠲᠦᠮᠡᠨ ᠤ ᠬᠤᠣᠷᠲᠤ ᠡᠳ᠋ ᠢ ᠴᠠᠭᠠᠵᠠᠯᠠᠬᠤ᠂ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠪᠡ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ