ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮᠴᠢᠯᠡᠭᠡᠨ ᠤ ᠪᠠᠲᠤᠯᠠᠭ᠎ᠠ ᠶᠢᠨ ᠰᠦᠯᠵᠢᠶ᠎ᠡ ᠪᠠ ᠪᠣᠳᠠᠲᠤ ᠴᠣᠭᠴᠠ ᠶᠢ ᠨᠢᠭᠡ | ᠴᠣᠭᠴᠠᠵᠢᠭᠤᠯᠤᠭᠰᠠᠨ ᠡᠮ ᠬᠤᠳᠠᠯᠳᠤᠨ ᠠᠪᠬᠤ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠲᠣᠭᠠᠴᠢᠯᠠᠭᠤᠯᠬᠤ ᠥᠭᠡᠷᠡᠴᠢᠯᠡᠯᠲᠡ ᠪᠠᠷ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠤ ︽ | ᠰᠦᠯᠵᠢᠶᠡᠨ ᠳᠡᠭᠡᠷ᠎ᠡ ᠦᠨ᠎ᠡ ᠠᠳᠠᠯᠢᠳᠬᠠᠬᠤ - ᠰᠦᠯᠵᠢᠶ᠎ᠡ ᠪᠠᠷ ᠵᠠᠬᠢᠶᠠᠯᠠᠬᠤ - ᠰᠦᠯᠵᠢᠶᠡᠨ ᠳᠡᠭᠡᠷ᠎ᠡ ᠡᠮ ᠡᠮᠨᠡᠯᠭᠡ ᠶᠢᠨ ᠳᠠᠭᠠᠳᠬᠠᠯ ᠤᠨ ᠲᠡᠰᠦᠯᠦᠨ | ᠪᠣᠳᠣᠯᠲᠠ ᠬᠢᠬᠦ - ᠴᠠᠭ ᠲᠤᠬᠠᠢ ᠳᠤᠨᠢ ᠲᠣᠬᠢᠷᠠᠭᠤᠯᠤᠨ ᠬᠦᠷᠭᠡᠬᠦ︾ ᠶᠢ ᠪᠡᠶᠡᠯᠡᠭᠦᠯᠵᠦ᠂ ᠠᠷᠠᠳ ᠲᠤ ᠲᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ | ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠡᠭᠦᠳᠴᠡᠢ᠃ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠳᠠᠭᠠᠳᠬᠠᠯ ᠳᠤ | ᠣᠷᠣᠯᠴᠠᠬᠰᠠᠨ ᠣᠯᠠᠨ ᠲᠦᠮᠡᠨ ᠵᠢᠩ ᠳ᠋ᠦᠩ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠳᠤ ᠭᠠᠷᠴᠤ᠂ ᠡᠮ ᠡᠮᠨᠡᠯᠭᠡ ᠶᠢᠨ ᠳᠠᠭᠠᠳᠬᠠᠯ ᠤᠨ ᠡᠮ | ᠬᠤᠳᠠᠯᠳᠤᠨ ᠠᠪᠬᠤ ᠲᠤᠰᠬᠠᠢ ᠲᠣᠭᠤᠷᠢᠭ ᠲᠤ ᠣᠷᠣᠵᠤ᠂ ᠬᠤᠳᠠᠯᠳᠤᠨ ᠠᠪᠬᠤ ᠭᠡᠵᠦ ᠪᠠᠶᠢᠭ᠎ᠠ ᠡᠮ ᠤᠨ ᠵᠦᠢᠯ ᠤᠨ ᠨᠡᠷ᠎ᠡ ᠪᠠᠨ ᠣᠷᠣᠭᠤᠯᠪᠠᠯ ᠲᠠᠪᠴᠠᠩ ᠨᠢ | ᠡᠯ᠎ᠡ ᠲᠣᠭᠲᠠᠭᠰᠠᠨ ᠴᠡᠭ ᠤᠨ ᠡᠮ ᠤᠨ ᠳᠡᠯᠭᠡᠭᠦᠷ ᠤᠨ ᠬᠤᠳᠠᠯᠳᠤᠭᠠᠯᠠᠬᠤ ᠦᠨ᠎ᠡ ᠶᠢ ᠳᠡᠯᠭᠡᠨ ᠦᠵᠡᠭᠦᠯᠵᠦ᠂ ᠠᠳᠠᠯᠢᠬᠠᠨ ᠨᠢᠭᠡ ᠬᠤᠲᠠ ᠳᠤ ᠠᠳᠠᠯᠢᠬᠠᠨ ᠨᠢᠭᠡ | ᠪᠦᠲᠦᠭᠡᠭᠳᠡᠬᠦᠨ ᠤ ᠦᠨ᠎ᠡ ᠶᠢ ᠬᠥᠨᠳᠡᠯᠡᠨ ᠢᠶᠠᠷ ᠬᠠᠷᠢᠴᠠᠭᠤᠯᠬᠤ ᠶᠢ ᠳᠡᠮᠵᠢᠨ᠎ᠠ; ᠡᠮ ᠬᠤᠳᠠᠯᠳᠤᠨ ᠠᠪᠤᠭᠴᠢ ᠬᠡᠷᠪᠡ ᠬᠥᠬᠡ ᠥᠩᠭᠡ ᠶᠢᠨ ︽ᠡᠮ ᠡᠮᠨᠡᠯᠭᠡ | ᠶᠢᠨ ᠳᠠᠭᠠᠳᠬᠠᠯ︾ ᠤᠨ ᠲᠡᠮᠳᠡᠭ ᠲᠠᠢ ᠵᠣᠷ ᠤᠨ ᠪᠤᠰᠤ ᠡᠮ ᠤᠨ ᠵᠦᠢᠯ ᠢ ᠵᠠᠬᠢᠶᠠᠯᠠᠵᠤ᠂ ︽ᠡᠮ ᠡᠮᠨᠡᠯᠭᠡ ᠶᠢᠨ ᠳᠠᠭᠠᠳᠬᠠᠯ ᠤᠨ ᠨᠡᠭᠦᠳᠡᠯ ᠲᠣᠭᠠᠴᠠᠭ᠎ᠠ︾ ᠶᠢᠨ | ᠴᠢᠳᠠᠮᠵᠢ ᠶᠢ ᠬᠡᠷᠡᠭᠯᠡᠪᠡᠯ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠠ ᠡᠷᠦᠭᠡ ᠶᠢᠨ ᠡᠮ ᠬᠤᠳᠠᠯᠳᠤᠨ ᠠᠪᠬᠤ ᠪᠦᠭᠦ ᠶᠠᠪᠤᠴᠠ ᠶᠢᠨ | ᠦᠢᠯᠡᠴᠢᠯᠡᠭᠡ ᠶᠢ ᠬᠦᠷᠲᠡᠵᠦ ᠪᠤᠯᠬᠤ ᠪᠥᠭᠡᠳ ᠡᠮ ᠤᠨ ᠵᠦᠢᠯ ᠢ ᠰᠢᠭᠤᠳ ᠭᠡᠷ ᠲᠡᠭᠡᠨ ᠬᠦᠷᠭᠡᠯᠭᠡᠵᠦ᠂ ︽ᠰᠦᠯᠵᠢᠶᠡᠨ ᠳᠡᠭᠡᠷ᠎ᠡ ᠡᠮ ᠬᠤᠳᠠᠯᠳᠤᠨ ᠠᠪᠬᠤ᠂ ᠡᠮ | ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ᠂ ᠭᠡᠷ ᠲᠡᠭᠡᠨ ᠰᠠᠭᠤᠵᠤ ᠪᠠᠶᠢᠭᠠᠳ ᠡᠮ ᠬᠦᠷᠭᠡᠯᠭᠡᠬᠦ︾ ᠳᠥᠭᠦᠮ ᠳᠥᠲᠡ ᠦᠢᠯᠡᠴᠢᠯᠡᠭᠡ ᠶᠢ ᠦᠨᠡᠨ ᠬᠦ | ᠬᠦᠷᠲᠡᠵᠦ ᠪᠣᠯᠣᠨ᠎ᠠ ᠭᠡᠵᠡᠢ᠃ | ᠣᠳᠣᠬᠠᠨ ᠳᠤ᠂ ᠭᠦᠭᠡᠬᠤᠲᠠ᠂ ᠪᠤᠭᠤᠲᠤ᠂ ᠬᠢᠩᠭᠠᠨ ᠠᠶᠢᠮᠠᠭ ᠤᠨ 380 ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠰᠦᠯᠵᠢᠶᠡᠨ | ᠳᠡᠭᠡᠷᠡᠬᠢ ᠡᠮ ᠡᠮᠨᠡᠯᠭᠡ ᠶᠢᠨ ᠳᠠᠭᠠᠳᠬᠠᠯ ᠤᠨ ᠡᠮ ᠬᠤᠳᠠᠯᠳᠤᠨ ᠠᠪᠬᠤ ᠦᠢᠯᠡᠴᠢᠯᠡᠭᠡ ᠶᠢ ᠨᠠᠪᠲᠠᠷᠡᠭᠦᠯᠵᠦ᠂ ᠵᠢᠩ ᠳ᠋ᠦᠩ ᠵᠡᠷᠭᠡ ᠣᠯᠠᠨ ᠡᠯᠧᠺᠲᠷᠣᠨ | ᠬᠤᠳᠠᠯᠳᠤᠭᠠᠨ ᠤ ᠲᠠᠪᠴᠠᠩ ᠢ ᠬᠠᠮᠤᠷᠴᠤ᠂ ᠪᠤᠰᠤᠳ ᠠᠶᠢᠮᠠᠭ ᠬᠤᠲᠠ ᠵᠢᠴᠢ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠴᠤ ᠵᠠᠯᠭᠠᠭᠤᠯᠵᠤ | ᠪᠠᠶᠢᠨ᠎ᠠ᠃ ᠲᠣᠰ ᠦᠢᠯᠡᠴᠢᠯᠡᠭᠡ ᠨᠡᠪᠲᠡᠷᠡᠭᠰᠡᠨ ᠠᠴᠠ ᠨᠠᠭᠠᠰᠢ ᠵᠠᠬᠢᠶᠠᠯᠠᠭ᠎ᠠ ᠶᠢ ᠨᠡᠶᠢᠲᠡ 9403 ᠬᠤᠪᠢ ᠭᠦᠢᠴᠡᠳᠬᠡᠵᠦ᠂ ᠡᠮ ᠡᠮᠨᠡᠯᠭᠡ ᠶᠢᠨ ᠳᠠᠭᠠᠳᠬᠠᠯ ᠤᠨ | ᠬᠤᠪᠢ ᠬᠥᠮᠥᠨ ᠤ ᠲᠠᠩᠰᠠᠨ ᠡᠷᠦᠭᠡ ᠶᠢᠨ ᠲᠡᠰᠦᠯᠦᠨ ᠪᠤᠳᠤᠬᠰᠠᠨ ᠵᠣᠭᠤᠰ ᠤᠨ ᠲᠤᠭ᠎ᠠ ᠨᠢ 26.72 ᠲᠦᠮᠡᠨ ᠲᠥᠭᠦᠷᠢᠭ ᠲᠤ ᠬᠦᠷᠴᠡᠢ᠃ | |