ᠤᠳᠤ ᠲᠠᠢ ᠭᠠᠵᠠᠷ ᠤᠨ ᠪᠠᠶᠢᠭᠠᠯᠢ ᠭᠤᠶᠤ
ᠨᠡᠶᠢᠲᠡᠯᠡᠭᠰᠡᠨ ᠴᠠᠭ᠄
2025/4/7
      ᠥᠪᠥᠷ ᠮᠣᠩᠭᠤᠯ ᠭᠤᠶᠤ ᠠ᠋︕ ᠭᠡᠵᠦ ᠵᠤᠭᠠᠯᠠᠵᠤ ᠲᠣᠭᠤᠷᠢᠬᠤ ᠪᠠᠷ ᠢᠷᠡᠭᠰᠡᠳ ᠲᠠᠩᠨᠠᠢ ᠱᠠᠭᠰᠢᠨ ᠮᠠᠭᠲᠠᠳᠠᠭ᠃ ᠲᠡᠭᠡᠪᠠᠯ ᠭᠤᠶᠤ ᠨᠢ ᠬᠠᠮᠢᠭ᠎ᠠ ᠪᠠᠨ ᠪᠠᠶᠢᠳᠠᠭ ᠪᠤᠢ︖ ᠪᠠᠷᠤᠭ ᠮᠣᠳᠣ ᠲᠠᠢ ᠳᠠᠭᠠᠨ ᠪᠠᠶᠢᠬᠤᠪ ᠭᠡᠵᠦ ᠪᠢ ᠪᠤᠳᠤᠳᠠᠭ᠃      ᠮᠣᠳᠣ ᠭᠡᠵᠦ ᠤᠡᠭᠭᠤᠨ ᠪᠠᠶᠢᠭᠠᠯᠢ ᠶᠢ ᠭᠤᠶᠣᠯᠠᠵᠤ᠂ ᠣᠷᠴᠢᠯᠠᠩ ᠤᠨ ᠬᠥᠮᠥᠨ ᠠᠮᠢᠳᠠᠨ ᠳᠤ ᠠᠴᠢ ᠲᠤᠰᠠ ᠬᠦᠷᠭᠡᠳᠡᠭ ᠵᠠᠩ ᠠᠷᠠᠨᠰᠢᠨ ᠲᠠᠢ ᠪᠠᠶᠢᠳᠠᠭ ᠢᠶᠠᠷ ᠢᠶᠠᠨ ᠤᠰᠤ ᠶᠢ ᠬᠠᠳᠠᠭᠠᠯᠠᠬᠤ᠂ ᠠᠭᠠᠷ ᠮᠠᠨᠳᠠᠯ ᠢ ᠴᠡᠪᠡᠷᠰᠢᠭᠦᠯᠬᠦ᠂ ᠠᠭᠤᠷ ᠠᠮᠢᠰᠬᠤᠯ ᠢ ᠵᠣᠬᠢᠴᠠᠭᠤᠯᠬᠤ ᠵᠡᠷᠭᠡ ᠤᠯᠠᠨ ᠲᠠᠯ᠎ᠠ ᠶᠢᠨ ᠦᠢᠯᠡᠳᠦᠯ  ᠲᠠᠢ ᠮᠥᠷᠲᠡᠭᠡᠨ ᠠᠮᠢ ᠠᠬᠤᠢ ᠶᠢᠨ ᠰᠠᠶᠢᠵᠢᠷᠠᠯᠲᠠ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠲᠡᠭᠡᠭᠦᠯᠠᠷ ᠵᠢᠯ ᠪᠦᠷᠢ ᠶᠢᠨ ᠤᠷᠢᠬᠠᠨ ᠬᠠᠪᠤᠷ ᠰᠠᠭᠠᠲᠠᠬᠤ ᠪᠠᠷ ᠥᠪᠥᠷ ᠮᠣᠩᠭᠤᠯ ᠤᠨ ᠡᠯ᠎ᠡ ᠭᠠᠵᠠᠷ ᠲᠤ ᠮᠣᠳᠣ ᠲᠠᠷᠢᠵᠤ ᠨᠣᠭᠤᠭᠠᠷᠠᠭᠤᠯᠬᠤ ᠠᠵᠢᠯ ᠢᠳᠡ ᠭᠦᠭ ᠲᠠᠢ ᠥᠷᠨᠢᠳᠡᠭ᠃ ᠪᠦᠷᠢᠳᠬᠡᠯ ᠢ ᠦᠨᠳᠦᠰᠦᠯᠡᠪᠡᠯ᠂ 2024 ᠣᠨ ᠤ 12 ᠰᠠᠷ᠎ᠠ ᠶᠢᠨ ᠰᠡᠭᠦᠯᠴᠢ ᠪᠤᠯᠳᠠᠯ᠎ᠠ᠂ ᠥᠪᠥᠷ ᠮᠣᠩᠭᠤᠯ ᠤᠨ ᠤᠢ ᠰᠢᠭᠤᠢ ᠶᠢᠨ ᠲᠠᠯᠠᠪᠠᠢ 3.57 ᠳ᠋ᠦᠡᠭᠰᠢᠭᠤᠷ ᠮᠦ ᠳᠤ ᠬᠦᠷᠴᠦ᠂ ᠪᠦᠭᠦ ᠤᠯᠤᠰ ᠲᠤ ᠲᠦᠷᠦᠭᠦᠯᠦᠭᠰᠡᠨ ᠪᠠᠶᠢᠨ᠎ᠠ᠃      ᠥᠪᠥᠷ ᠮᠣᠩᠭᠤᠯ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠬᠤᠷ ᠥᠪᠥᠷ ᠮᠣᠩᠭᠤᠯ ᠤᠨ ᠠᠮᠢ ᠠᠬᠤᠢ ᠶᠠᠮᠠᠷᠰᠢᠤ ᠪᠠᠶᠢᠬᠤ ᠨᠢ ᠪᠦᠭᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠯ ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠲᠡᠷᠡᠴᠢᠯᠡᠨ ᠪᠦᠭᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ ᠲᠤᠯᠠ ᠦᠶ᠎ᠡ ᠶᠢᠨ ᠦᠶ᠎ᠡ ᠶᠢᠨ ᠬᠥᠮᠥᠰ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠮᠣᠳᠣ ᠲᠠᠷᠢᠵᠤ ᠨᠣᠭᠤᠭᠠᠷᠠᠭᠤᠯᠤᠨ᠂ ᠠᠮᠢ ᠠᠬᠤᠢ ᠣᠷᠴᠢᠨ ᠲᠣᠭᠤᠷᠢᠨ ᠢᠶᠠᠨ ᠡᠷᠡᠰ ᠬᠠᠮᠠᠭᠠᠯᠠᠵᠤ ᠢᠷᠠᠪᠠ᠃ ᠨᠡᠩ ᠢᠯᠠᠩᠭᠤᠶ᠎ᠠ ᠣᠶᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠂ ᠣᠶᠢᠵᠢᠭᠤᠯᠤᠯᠲᠠ ᠨᠣᠭᠤᠭᠠᠷᠠᠭᠤᠯᠤᠯᠲᠠ ᠶᠢᠨ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ᠃ ᠵᠦᠪᠭᠡᠨ 2024 ᠣᠨ ᠳᠤ ᠪᠦᠭᠦ ᠣᠷᠣᠨ ᠤ 833.2 ᠲᠦᠮᠡᠨ ᠬᠥᠮᠥᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠤᠷᠤᠯᠴᠠᠵᠤ᠂ ᠡᠯ᠎ᠡ ᠵᠦᠢᠯ ᠤᠨ ᠠᠷᠭ᠎ᠠ ᠭᠡᠯᠪᠠᠷᠢ  ᠪᠠᠷ ᠲᠠᠮᠵᠢᠨ ᠨᠠᠶᠢᠳᠠ 4319.29 ᠲᠦᠮᠡᠨ ᠰᠠᠭᠤᠷᠢ ᠮᠣᠳᠣ ᠲᠠᠷᠢᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠪᠠᠲᠤ ᠴᠣᠭᠴᠠᠯᠠᠬᠤ ᠳᠤ ᠠᠬᠢᠭᠤᠯᠬᠤ ᠦᠢᠯᠡᠳᠦᠯ ᠦᠵᠡᠭᠦᠯᠪᠡ᠃ ᠡᠨᠡ ᠪᠣᠯ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠴᠢ ᠬᠦᠴᠦᠨ᠂ ᠠᠭᠤᠯᠠ ᠲᠠᠯ᠎ᠠ ᠪᠠᠨ ᠨᠣᠭᠤᠭᠠᠷᠠᠭᠤᠯᠵᠤ᠂ ᠠᠮᠢ ᠠᠬᠤᠢ ᠪᠠᠨ ᠬᠠᠮᠠᠭᠠᠯᠠᠬᠤ ᠭᠡᠰᠡᠨ ᠡᠷᠡᠰ ᠬᠠᠲᠠᠭᠤ ᠵᠣᠷᠢᠭ ᠰᠠᠨᠠᠭ᠎ᠠ ᠪᠤᠯᠬᠤ ᠨᠢ ᠢᠯᠡᠭᠡᠨ᠃      ᠮᠣᠳᠣ ᠲᠠᠷᠢᠵᠤ ᠨᠣᠭᠤᠭᠠᠷᠠᠭᠤᠯᠬᠤ ᠨᠢ ᠨᠢᠭᠡ ᠬᠤᠭᠤᠴᠠᠭᠠᠨ ᠤ ᠠᠵᠢᠯ ᠪᠠᠶᠢᠬᠤ ᠳᠤ ᠬᠠᠮᠠᠭᠠᠯᠠᠵᠤ ᠰᠠᠬᠢᠬᠤ ᠨᠢ ᠥᠨᠢᠳᠡ ᠶᠢᠨ ᠠᠵᠢᠯ ᠪᠤᠯᠬᠤ ᠶᠤᠮ᠃ ᠮᠣᠳᠣ ᠲᠠᠷᠢᠬᠤ ᠳᠠᠭᠠᠨ ᠵᠦᠪᠭᠡᠨ ᠲᠤᠭ᠎ᠠ ᠬᠡᠮᠵᠢᠶ᠎ᠡ ᠶᠢ ᠬᠥᠭᠡᠭᠡᠴᠡᠯᠳᠦᠵᠦ ᠪᠤᠯᠬᠤ ᠦᠭᠡᠢ ᠬᠠᠷᠢᠨ ᠲᠤᠭ᠎ᠠ ᠬᠡᠮᠵᠢᠶ᠎ᠡ ᠪᠣᠯᠣᠨ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠵᠤ᠂ ᠳᠠᠷᠢᠭᠰᠠᠨ ᠮᠣᠳᠣ ᠪᠠᠨ ᠬᠠᠮᠢᠶᠠᠷᠴᠤ ᠬᠠᠮᠠᠭᠠᠯᠠᠬᠤ ᠠᠵᠢᠯ ᠢ ᠴᠢᠩᠭ᠎ᠠ ᠠᠳᠬᠤᠪᠠᠯ ᠵᠣᠬᠢᠨ᠎ᠠ᠃ ᠨᠣᠭᠤᠭᠠᠷᠠᠭᠤᠯᠤᠯᠲᠠ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠲᠡᠷᠡᠴᠢᠯᠡᠨ ᠪᠦᠭᠦ ᠠᠷᠠᠳ ᠢᠶᠠᠷ ᠢᠶᠠᠨ ᠮᠣᠳᠣ ᠲᠠᠷᠢᠵᠤ ᠨᠣᠭᠤᠭᠠᠷᠠᠭᠤᠯᠬᠤ ᠠᠵᠢᠯ ᠳᠤ ᠢᠳᠡᠪᠬᠢᠲᠡᠢ ᠣᠷᠣᠯᠴᠠᠨ᠂ ᠪᠠᠶᠢᠭᠠᠯᠢ ᠠᠬᠤᠢ ᠪᠠᠨ ᠬᠠᠶᠢᠷᠠᠯᠠᠨ ᠬᠠᠮᠠᠭᠠᠯᠠᠵᠤ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠮᠥᠩᠭᠦᠨ ᠠᠭᠤᠯᠠ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠭᠦᠨ ᠤᠬᠠᠵᠤ᠂ ᠴᠢᠩᠭ᠎ᠠ ᠦᠢᠯᠡᠳᠦᠯᠭᠡᠵᠢᠭᠦᠯᠳᠡᠭ ᠯᠡ ᠶᠤᠮ ᠪᠣᠯ ᠲᠠ ᠪᠢᠳᠠᠨ ᠤ ᠬᠠᠮᠲᠤ ᠶᠢᠨ ᠭᠡᠷ ᠣᠷᠣᠨ ᠨᠠᠩ ᠦᠵᠡᠰᠬᠦᠯᠡᠩᠲᠦ ᠰᠠᠶᠢᠬᠠᠨ ᠪᠤᠯᠬᠤ ᠨᠢ ᠳᠠᠮᠵᠢᠭ ᠦᠭᠡᠢ ᠶᠤᠮ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ